ᠬᠦᠴᠦ ᠪᠠᠨ ᠲᠦ᠋ᠪᠯᠡᠷᠡᠭᠦᠯᠦᠨ ᠰᠡᠳᠭᠢᠯ ᠶᠢᠡᠨ ᠨᠢᠭᠳ᠋ᠠᠷᠠᠭᠤᠯᠵᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠡᠳ᠋ᠦᠮᠡᠯ ᠹᠷᠤᠨᠲ ᠤᠨ ᠠᠵᠢᠯ ᠤᠨ ᠰᠢᠨ᠎ᠠ ᠪᠠᠢ᠌ᠳ᠋ᠠᠯ ᠢ ᠪᠦᠬᠦ ᠬᠦᠴᠦᠨ ᠶᠢᠡᠷ ᠡᠭᠦᠳᠪᠡ

6 ᠰᠠᠷ᠎ᠠ ᠶᠢᠨ 29᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ 2021 ᠤᠨ ᠤ ᠨᠢᠭᠡᠳ᠋ᠦᠮᠡᠯ ᠹᠷᠤᠨᠲ ᠤᠨ ᠠᠵᠢᠯ ᠤᠨ ᠬᠤᠷᠠᠯ ᠬᠤᠷᠠᠯᠳ᠋ᠤᠭᠤᠯᠵᠤ᠂ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠲᠡᠳ᠋ ᠱᠦ᠋ᠵᠢ ᠵᠠᠩ ᠯᠢ ᠡᠷᠬᠢᠯᠡᠨ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠤᠷᠤᠯᠴᠠᠭᠰᠠᠨ ᠪᠦᠭᠡᠳ ᠨᠢᠭᠡᠳ᠋ᠦᠮᠡᠯ ᠹᠷᠤᠨᠲ ᠤᠨ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃


ᠯᠢ ᠴᠸᠩ ᠭᠦᠸᠸ ᠦᠩᠭᠡᠷᠡᠭ᠍ᠰᠡᠨ ᠨᠢᠭᠡ ᠵᠢᠯ ᠡᠴᠡ ᠨᠠᠰᠢᠬᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠡᠳ᠋ᠦᠮᠡᠯ ᠹᠷᠤᠨᠲ ᠤᠨ ᠠᠵᠢᠯ ᠤᠨ ᠤᠯᠤᠭᠰᠠᠨ ᠠᠮᠵᠢᠯᠳ᠋ᠡ ᠪᠦᠳ᠋ᠦᠮᠵᠢ ᠶᠢ ᠳ᠋ᠦ᠋ᠩᠨᠡᠨ ᠡᠷᠭᠢᠴᠡᠭᠦᠯᠦᠭ᠍ᠰᠡᠨ ᠪᠦᠭᠡᠳ ᠤᠷᠤᠰᠢᠵᠤ ᠪᠠᠢ᠌ᠭ᠎ᠠ ᠠᠰᠠᠭᠤᠳ᠋ᠠᠯ ᠢ ᠪᠤᠰᠤᠳᠴᠢ ᠪᠠᠷ ᠵᠢᠭᠠᠵᠤ ᠭᠠᠷᠭᠠᠬᠤ ᠶᠢᠨ ᠬᠠᠮᠳ᠋ᠤ ᠴᠢᠩᠭ᠋ᠠᠳᠬᠠᠭᠰᠠᠨ ᠨᠢ᠂ ᠰᠢᠨ᠎ᠠ ᠪᠠᠢ᠌ᠳ᠋ᠠᠯ ᠲᠤᠤᠷᠠᠬᠢ ᠨᠢᠭᠡᠳ᠋ᠦᠮᠡᠯ ᠹᠷᠤᠨᠲ ᠤᠨ ᠠᠵᠢᠯ ᠤᠨ ᠤᠨᠤᠯ ᠪᠠ ᠲᠦ᠋ᠷᠦ ᠶᠢᠨ ᠪᠤᠳ᠋ᠤᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠲᠡᠭᠡᠳ᠋ᠦ ᠬᠡᠮᠵᠢᠶ᠎ᠠ ᠪᠠᠷ ᠴᠢᠬᠤᠯᠠᠴᠢᠯᠠᠵᠤ᠂《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠢᠭᠡᠳ᠋ᠦᠮᠡᠯ ᠹᠷᠤᠨᠲ ᠤᠨ ᠠᠵᠢᠯ ᠤᠨ ᠲᠦ᠋ᠷᠢᠮ (ᠲᠤᠷᠰᠢᠨ ᠬᠡᠷᠡᠭ᠍ᠵᠢᠭᠦᠯᠬᠦ)》ᠵᠡᠷᠭᠡ ᠨᠢᠭᠡᠳ᠋ᠦᠮᠡᠯ ᠹᠷᠤᠨᠲ ᠤᠨ ᠠᠵᠢᠯ ᠤᠨ ᠴᠢᠬᠤᠯᠠ ᠪᠢᠴᠢᠭ᠌ ᠮᠠᠲ᠋ᠷᠢᠶᠠᠯ ᠪᠤᠯᠤᠨ ᠴᠢᠬᠤᠯᠠ ᠬᠤᠷᠠᠯ ᠤᠨ ᠵᠤᠷᠢᠭ ᠰᠠᠨᠠᠭ᠎ᠠ ᠶᠢ ᠪᠠᠢ᠌ᠩᠭ᠋ᠤ ᠶᠢᠨ ᠬᠤᠷᠢᠶ᠎ᠠ ᠵᠢᠴᠢ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠊ᠢ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠬᠤ ᠠᠭᠤᠯᠭ᠎ᠠ ᠳᠤ ᠤᠷᠤᠭᠤᠯᠤᠨ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠤᠤᠯ ᠲᠤᠭᠤᠢ᠌ᠯᠠᠩ ᠤᠨ ᠰᠤᠷᠤᠯᠴᠠᠯᠭ᠎ᠠ ᠶᠢᠨ ᠬᠤᠷᠠᠯ ᠢ ᠠᠰᠢᠬᠯᠠᠵᠤ᠂ ᠪᠠᠢ᠌ᠭᠤᠯᠭ᠎ᠠ ᠶᠢᠨ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠨᠢᠭᠡᠳ᠋ᠦᠮᠡᠯ ᠹᠷᠤᠨᠲ ᠤᠨ ᠠᠵᠢᠯ ᠤᠨ ᠲᠤᠬᠠᠢ ᠴᠢᠬᠤᠯᠠ ᠦᠭᠦᠯᠡᠯᠳ᠋ᠡ ᠪᠤᠯᠤᠨ ᠨᠢᠭᠡᠳ᠋ᠦᠮᠡᠯ ᠹᠷᠤᠨᠲ ᠤᠨ ᠠᠵᠢᠯ ᠤᠨ ᠬᠤᠯᠪᠤᠭᠳ᠋ᠠᠯ ᠪᠦᠬᠦᠢ ᠴᠢᠬᠤᠯᠠ ᠬᠠᠦᠯᠢ ᠴᠠᠭᠠᠵᠠ ᠬᠠᠦᠯᠢ ᠲᠤᠭᠳ᠋ᠠᠭᠠᠯ ᠢ ᠰᠢᠰᠲ᠋ᠸᠮ ᠲᠡᠶ ᠰᠤᠷᠤᠯᠴᠠᠬᠤ ᠶᠢᠨ ᠬᠠᠮᠳ᠋ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠦ᠋ᠯᠵᠢᠶ᠎ᠠ᠂ ᠸᠢᠴᠠᠲ ᠶᠢᠨ ᠨᠡᠢ᠌ᠳ᠋ᠡ ᠶᠢᠨ ᠳ᠋ᠤᠭᠠᠷ ᠪᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠮᠡᠳ᠋ᠡᠭᠡ ᠵᠠᠩᠭᠢ ᠶᠢᠨ ᠲᠤᠰᠬᠠᠢ ᠰᠤᠨᠢᠨ ᠲᠡᠭᠡᠷ᠎ᠠ ᠨᠢᠭᠡᠳ᠋ᠦᠮᠡᠯ ᠹᠷᠤᠨᠲ ᠤᠨ ᠤᠨᠤᠯ ᠴᠢᠭᠯᠡᠯᠳ᠋ᠡ ᠲᠦ᠋ᠷᠦ ᠶᠢᠨ ᠪᠤᠳ᠋ᠤᠯᠭ᠎ᠠ ᠪᠠ ᠨᠢᠭᠡᠳ᠋ᠦᠮᠡᠯ ᠹᠷᠤᠨᠲ ᠤᠨ ᠠᠵᠢᠯ ᠤᠨ ᠠᠭᠤᠯᠭ᠎ᠠ ᠶᠢ ᠲᠤᠭᠳ᠋ᠠᠭᠰᠠᠨ ᠬᠤᠭᠤᠴᠠᠭ᠎ᠠ ᠲᠡᠶ ᠪᠠᠷ ᠨᠡᠢ᠌ᠳ᠋ᠡᠯᠡᠵᠦ᠂ ᠠᠷᠠᠳ ᠤᠨ ᠲᠦ᠋ᠯᠦᠭᠡᠡᠯᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠡᠳ᠋ᠦᠮᠡᠯ ᠹᠷᠤᠨᠲ ᠤᠨ ᠠᠵᠢᠯ ᠢ ᠢᠳ᠋ᠡᠪᠬᠢᠳ᠋ᠠᠢ ᠮᠡᠳ᠋ᠡᠭᠡᠯᠡᠨ᠂ ᠨᠢᠭᠡᠳ᠋ᠦᠮᠡᠯ ᠹᠷᠤᠨᠲ ᠤᠨ ᠠᠵᠢᠯ ᠢ ᠲᠠᠮᠵᠢᠬᠦ ᠪᠠ ᠤᠷᠤᠯᠴᠠᠬᠤ ᠰᠠᠢ᠌ᠨ ᠰᠠᠢ᠌ᠬᠠᠨ ᠨᠡᠢ᠌ᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭ᠍ᠳ᠋ᠠᠢ ᠭᠡᠵᠠᠢ᠃ (ᠯᠸᠢ ᠫᠠᠩ)