ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠤᠯᠤᠰ ᠪᠠᠢ᠌ᠭᠤᠯᠤᠭᠳ᠋ᠠᠬᠤ ᠡᠴᠡ᠁
ᠡᠦ ᠴᠢᠩ ᠬᠠᠢ ᠤᠯᠤᠰ ᠪᠠᠢ᠌ᠭᠤᠯᠤᠭᠳ᠋ᠠᠬᠤ ᠡᠴᠡ ᠡᠮᠦᠨᠡᠬᠢ ᠠᠬᠠᠮᠡᠳ ᠨᠠᠮ ᠤᠨ ᠭᠡᠰᠢᠭᠦᠨ ᠪᠠ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ


        
              6 ᠰᠠᠷ᠎ᠠ ᠶᠢᠨ 30᠊ᠦ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠯᠦ᠋ᠪᠸᠢ ᠵᠡᠭᠡᠯᠢ ᠭᠤᠳ᠋ᠤᠮᠵᠢ ᠶᠢᠨ ᠰᠢᠦᠸᠠᠢ ᠶᠤᠸᠠᠨ ᠨᠡᠢ᠌ᠭᠡᠮ ᠤᠨ ᠲᠤᠭᠤᠷᠢᠭ ᠪᠠ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠯᠤᠰ ᠪᠠᠢ᠌ᠭᠤᠯᠤᠭᠳ᠋ᠠᠬᠤ ᠡᠴᠡ ᠡᠮᠦᠨᠡᠬᠢ ᠠᠬᠠᠮᠡᠳ ᠨᠠᠮ ᠤᠨ ᠭᠡᠰᠢᠭᠦᠨ ᠪᠠ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠵᠤ᠂ ᠲᠡᠳ᠋ᠡᠨ ᠳᠤ ᠨᠠᠮ ᠤᠨ ᠬᠠᠢ᠌ᠷ᠎ᠠ ᠬᠠᠯᠠᠮᠵᠢ ᠪᠠ ᠴᠢᠩ ᠰᠡᠳᠭᠢᠯ ᠤᠨ ᠲᠤᠳ᠋ᠤᠨᠤ ᠮᠡᠨᠳ᠋ᠦᠴᠢᠯᠡᠯ ᠬᠦᠷᠭᠡᠭ᠍ᠰᠡᠨ ᠪᠠᠢ᠌ᠨ᠎ᠠ᠃

         
                ᠡᠦ ᠴᠢᠩ ᠬᠠᠢ ᠯᠦ᠋ᠪᠸᠢ ᠵᠡᠭᠡᠯᠢ ᠭᠤᠳ᠋ᠤᠮᠵᠢ ᠶᠢᠨ ᠰᠢᠦᠸᠠᠢ ᠶᠤᠸᠠᠨ ᠨᠡᠢ᠌ᠭᠡᠮ ᠤᠨ ᠲᠤᠭᠤᠷᠢᠭ ᠤᠨ ᠤᠯᠤᠰ ᠪᠠᠢ᠌ᠭᠤᠯᠤᠭᠳ᠋ᠠᠬᠤ ᠡᠴᠡ ᠡᠮᠦᠨᠡᠬᠢ ᠠᠬᠠᠮᠡᠳ ᠨᠠᠮ ᠤᠨ ᠭᠡᠰᠢᠭᠦᠨ ᠴᠸᠨ ᠰᠢᠦ ᠬᠤᠸᠠ ᠪᠠ ᠪᠠᠶᠠᠷᠳ᠋ᠤᠬᠤᠰᠢᠭᠤ ᠪᠠᠯᠭᠠᠰᠤᠨ ᠤ ᠪᠠᠶᠠᠷᠳ᠋ᠤᠬᠤᠰᠢᠭᠤ ᠭᠠᠴᠠᠭ᠎ᠠ ᠶᠢᠨ ᠠᠬᠠᠮᠠᠳ ᠨᠠᠮ ᠤᠨ ᠭᠡᠰᠢᠭᠦᠨ ᠪᠠᠯᠭᠤᠷ ᠤᠨ ᠭᠡᠷ ᠲᠤ ᠬᠦᠷᠴᠦ᠂ ᠲᠡᠳ᠋ᠡᠨ ᠤ ᠪᠡᠶ᠎ᠠ ᠮᠠᠬᠠᠪᠤᠳ ᠤᠨ ᠪᠠᠢ᠌ᠳ᠋ᠠᠯ ᠪᠤᠯᠤᠨ ᠭᠡᠷ ᠪᠦᠯᠢ ᠶᠢᠨ ᠪᠠᠢ᠌ᠳ᠋ᠠᠯ ᠢ ᠨᠠᠷᠢᠨ ᠤᠢ᠌ᠯᠠᠭᠠᠵᠤ᠂ ᠲᠡᠳ᠋ᠡᠨ ᠳᠤ《ᠨᠠᠮ ᠤᠨ ᠭᠡᠰᠢᠭᠦᠨ ᠪᠤᠯᠤᠭᠰᠠᠨ ᠢᠷᠠᠭᠤ ᠠᠯᠳ᠋ᠠᠷ ᠲᠡᠶ 50 ᠵᠢᠯ》᠊ᠤᠨ ᠲᠤᠷᠠᠰᠬᠠᠯ ᠤᠨ ᠲᠡᠮᠳ᠋ᠡᠭ᠌ ᠢ ᠭᠠᠷᠳ᠋ᠠᠭᠤᠯᠬᠤ ᠶᠢᠨ ᠬᠠᠮᠳ᠋ᠤ ᠪᠤᠯᠭᠤᠭᠠᠨ ᠲᠤᠬᠤᠨᠢᠭᠤᠯᠬᠤ ᠮᠦ᠋ᠩᠭᠦ ᠬᠦᠷᠭᠡᠨ᠂ ᠨᠠᠰᠤᠳ᠋ᠠᠢ᠌ᠴᠦᠳ ᠤᠨ ᠤᠷᠳ᠋ᠤ ᠨᠠᠰᠤᠯᠠᠵᠦ ᠤᠳ᠋ᠠᠭᠠᠨ ᠵᠢᠷᠭᠠᠬᠤ ᠶᠢ ᠵᠦ᠋ᠩᠨᠡᠪᠡ᠃ 

       
              ᠡᠦ ᠴᠢᠩ ᠬᠠᠢ ᠡᠴᠡ᠂ ᠠᠬᠠᠮᠠᠳ ᠨᠠᠮ ᠤᠨ ᠭᠡᠰᠢᠭᠦᠨ ᠪᠤᠯ ᠨᠠᠮ ᠪᠠ ᠵᠠᠰᠠᠭ ᠤᠨ ᠤᠷᠳ᠋ᠤᠨ ᠤ ᠡᠷᠬᠢᠮ ᠨᠠᠨᠳ᠋ᠢᠨ ᠦᠪ ᠬᠦᠷᠦᠩᠭᠡ ᠮᠦ᠋ᠨ᠂ ᠲᠡᠳ᠋ᠡ ᠢᠮᠠᠭᠳ᠋ᠠ ᠨᠠᠮ ᠤᠨ ᠦᠢᠯᠡᠰ ᠤᠨ ᠬᠦᠭ᠍ᠵᠢᠯᠳ᠋ᠡ ᠶᠢᠨ ᠲᠦ᠋ᠯᠦᠭᠡ ᠵᠢᠳᠬᠦᠵᠦ᠂ ᠲᠤᠰ ᠲᠤᠰ ᠤᠨ ᠠᠵᠢᠯ ᠤᠨ ᠪᠠᠢ᠌ᠷᠢ ᠲᠡᠭᠡᠷ᠎ᠠ ᠪᠠᠨ ᠤᠭ ᠰᠠᠨᠠᠭ᠎ᠠ ᠪᠠᠨ ᠪᠠᠳ᠋ᠤ ᠰᠠᠬᠢᠨ᠂ ᠨᠠᠮ ᠳᠠᠭᠠᠨ ᠡᠭᠦᠷᠢᠳ᠋ᠡ ᠦᠨᠡᠨᠴᠢ ᠰᠢᠳ᠋ᠤᠷᠭᠤ ᠪᠠᠢ᠌ᠬᠤ ᠶᠢ ᠪᠠᠳ᠋ᠤᠯᠠᠵᠤ᠂ ᠨᠢᠭᠡ ᠨᠠᠰᠤ ᠪᠠᠷ ᠶᠢᠡᠨ ᠦᠭᠡ ᠲᠠᠭᠤᠨ ᠦᠭᠡᠶ ᠪᠠᠷ ᠬᠤᠪᠢ ᠨᠡᠮᠡᠷᠢ ᠪᠠᠨ ᠦᠵᠡᠭᠦᠯᠦᠨ᠂ ᠲᠡᠳ᠋ᠡᠨ ᠤ ᠠᠵᠢᠯ ᠬᠢᠵᠦ ᠦᠢᠯᠡᠰ ᠪᠤᠰᠬᠠᠭᠰᠠᠨ ᠪᠠ ᠲᠡᠰᠪᠦᠷᠢ ᠬᠠᠳ᠋ᠠᠭᠤᠵᠢᠯᠳ᠋ᠠᠢ ᠲᠡᠮᠡᠴᠡᠬᠦ ᠵᠤᠷᠢᠭ ᠰᠠᠨᠠᠭ᠎ᠠ ᠨᠢ ᠦᠨᠢ ᠡᠭᠦᠷᠢᠳ᠋ᠡ ᠪᠢᠳ᠋ᠡᠨ ᠤ ᠬᠦᠨᠳ᠋ᠦᠳᠭᠡᠭᠦᠰᠢᠳ᠋ᠠᠢ ᠰᠤᠷᠤᠯᠴᠠᠭᠤᠰᠢᠳ᠋ᠠᠢ ᠵᠦ᠋ᠢᠯ ᠪᠤᠯᠤᠨ᠎ᠠ ᠭᠡᠵᠢ ᠵᠢᠭᠠᠵᠤ ᠭᠠᠷᠭᠠᠬᠤ ᠶᠢᠨ ᠬᠠᠮᠳ᠋ᠤ ᠵᠠᠬᠢᠭᠰᠠᠨ ᠨᠢ ᠨᠡᠢ᠌ᠭᠡᠮ ᠲᠤᠭᠤᠷᠢᠭ ᠪᠠ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠬᠠᠷᠢᠭᠤᠴᠠᠯᠭᠠᠳ᠋ᠠᠨ ᠡᠭᠦᠷᠢᠳ᠋ᠡ ᠠᠬᠠᠮᠠᠳ ᠨᠠᠮ ᠤᠨ ᠭᠡᠰᠢᠭᠦᠨ᠂ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠳᠤ ᠬᠠᠯᠠᠮᠵᠢᠯᠡᠯ ᠪᠠ ᠬᠠᠪᠰᠤᠷᠤᠯᠭ᠎ᠠ ᠦᠵᠡᠭᠦᠯᠦᠨ᠂ ᠨᠠᠮ ᠪᠠ ᠵᠠᠰᠠᠭ ᠤᠨ ᠤᠷᠳ᠋ᠤᠨ ᠤ ᠬᠠᠢ᠌ᠷ᠎ᠠ ᠬᠠᠯᠠᠮᠵᠢ ᠶᠢ ᠦᠨᠡᠨ ᠬᠦ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ ᠭᠡᠵᠠᠢ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠲᠠᠪᠤᠨ ᠱᠠᠳ᠋ᠤᠨ》᠊ᠦ ᠠᠷᠠᠳ ᠤᠨ ᠲᠦ᠋ᠯᠦᠭᠡᠯᠡᠭ᠍ᠴᠢ ᠵᠢᠨ ᠮᠡᠳ᠋ᠡᠯᠭᠡ ᠶᠢᠨ ᠤᠷᠤᠯᠳ᠋ᠤᠭᠠᠨ ᠶᠠᠪᠤᠭᠤᠯᠪᠠ
ᠳᠠᠷᠠᠭᠠᠬᠢ᠄ ᠍ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ