ᠤᠳᠤ ᠶᠢᠨ ᠪᠠᠢ᠌ᠷᠢ᠄ ᠴᠢᠬᠤᠯᠠ ᠮᠡᠳᠡᠭᠡ → ᠍ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
᠍ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ


        
              6 ᠰᠠᠷ᠎ᠠ ᠶᠢᠨ 30᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠦᠷᠡᠪᠠᠳ᠋ᠤ᠂ ᠰᠦ᠋ᠩ ᠯᠢᠶᠠᠨ ᠡᠾᠦ᠋ᠢ ᠬᠤᠷᠠᠯ ᠳᠤ ᠰᠠᠭᠠᠳ᠋ᠠᠨ᠂ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠨ᠂ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠠᠷᠢᠭᠦᠯᠡᠭ᠍ᠴᠢ᠂ ᠯᠦ᠋ᠪᠸᠢ ᠵᠡᠭᠡᠯᠢ ᠭᠤᠳ᠋ᠤᠮᠵᠢ ᠶᠢᠨ ᠨᠠᠮ ᠤᠨ ᠠᠵᠢᠯᠯᠠᠬᠤ ᠵᠦ᠋ᠪᠯᠡᠯ ᠤᠨ ᠬᠠᠷᠢᠭᠤᠴᠠᠯᠭᠠᠳ᠋ᠠᠨ᠂ ᠬᠡᠰᠡᠭ᠌ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠤᠷᠤᠯᠴᠠᠪᠠ᠃

         
               ᠬᠤᠷᠠᠯ ᠲᠡᠭᠡᠷ᠎ᠠ᠂ ᠡᠦ ᠴᠢᠩ ᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭ᠋ᠤᠢ ᠲᠡᠦᠬᠡ ᠪᠠ ᠠᠭᠤᠤ ᠶᠡᠬᠡ ᠠᠮᠵᠢᠯᠳ᠋ᠡ ᠶᠢᠨ ᠲᠤᠭᠤᠷᠢᠨ ᠳᠤ᠂ ᠤᠯᠠᠨ ᠳᠤ ᠦᠪᠡᠷᠮᠢᠴᠡ ᠭᠤᠢ᠌ᠳ᠋ᠠ ᠰᠠᠢ᠌ᠬᠠᠨ ᠨᠠᠮ ᠤᠨ ᠬᠢᠴᠢᠶᠡᠯ ᠤᠷᠤᠪᠠ᠃ ᠡᠦ ᠴᠢᠩ ᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭ᠋ᠤᠢ ᠲᠡᠦᠬᠡ ᠶᠢᠨ ᠶᠠᠪᠤᠴᠠ ᠲᠤᠮᠳ᠋ᠠᠬᠢ ᠠᠯᠢ ᠤᠯᠠᠨ ᠰᠢᠨ᠎ᠠ ᠰᠤᠷᠭᠤᠭ ᠲᠡᠦᠬᠡ ᠶᠢᠨ ᠬᠡᠷᠡᠭ᠌ ᠤᠴᠢᠷ ᠶᠢᠡᠷ᠂ ᠲᠤᠮᠳ᠋ᠠᠳ᠋ᠤ ᠤᠯᠤᠰ ᠤᠨ ᠡᠪ ᠬᠠᠮᠳ᠋ᠤ ᠡᠬᠢᠯᠡᠵᠦ ᠪᠠᠢ᠌ᠭᠤᠯᠤᠭᠳ᠋ᠠᠭᠰᠠᠨ ᠡᠴᠡ ᠰᠢᠨ᠎ᠠ ᠴᠠᠭ ᠦᠶ᠎ᠠ ᠰᠢᠨ᠎ᠠ ᠬᠦᠭ᠍ᠵᠢᠯᠳ᠋ᠡ ᠶᠢᠨ ᠱᠠᠳ᠋ᠤᠨ ᠤ ᠲᠡᠦᠬᠡ ᠶᠢᠨ ᠤᠷᠤᠨ ᠪᠠᠢ᠌ᠷᠢ ᠬᠦᠷᠳ᠋ᠡᠯ᠎ᠠ᠂ ᠨᠠᠮ ᠤᠨ ᠰᠢᠷᠢᠰ ᠤᠨᠤᠯ ᠤᠨ ᠰᠢᠨ᠎ᠠ ᠡᠭᠦᠳ᠋ᠦᠯᠳ᠋ᠡ ᠶᠢᠨ ᠦᠷ᠎ᠠ ᠪᠦᠳ᠋ᠦᠭᠡᠯ ᠡᠴᠡ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭᠠᠨ ᠤ  ᠭᠤᠤᠯ ᠴᠢᠬᠤᠯᠠ ᠠᠭᠤᠯᠤᠭᠳ᠋ᠠᠬᠤᠨ ᠬᠦᠷᠳ᠋ᠡᠯ᠎ᠠ ᠨᠠᠷᠢᠯᠢᠭ ᠶᠠᠷᠢᠭᠰᠠᠨ ᠪᠠᠢ᠌ᠨ᠎ᠠ᠃ ᠪᠦᠬᠦᠢ᠌ᠯᠡ ᠨᠠᠮ ᠤᠨ ᠬᠢᠴᠢᠶᠡᠯ ᠨᠢ ᠭᠦᠨᠵᠡᠭᠡᠢ ᠪᠦᠭᠡᠳ ᠤᠢ᠌ᠯᠠᠭᠠᠮᠵᠢᠳ᠋ᠠᠢ᠂ ᠡᠮᠬᠢ ᠴᠡᠭ᠍ᠴᠡ ᠲᠡᠶ᠂ ᠵᠠᠳ᠋ᠠᠯᠤᠯᠳ᠋ᠠ ᠨᠢ ᠨᠡᠪᠳ᠋ᠡᠷᠬᠡᠢ᠂ ᠠᠭᠤᠯᠤᠭᠳ᠋ᠠᠭᠤᠨ ᠨᠢ ᠪᠠᠶᠠᠯᠢᠭ ᠪᠠᠢ᠌ᠵᠤ᠂ ᠤᠯᠠᠨ ᠳᠤ ᠭᠦᠨ ᠭᠦᠨᠵᠡᠭᠡᠢ ᠨᠠᠮᠴᠢ ᠴᠢᠨᠠᠷ ᠤᠨ ᠬᠦᠮᠦᠵᠢᠯ ᠪᠠ ᠦᠵᠡᠯ ᠰᠠᠨᠠᠭᠠᠨ ᠤ ᠬᠦᠮᠦᠵᠢᠯ ᠢ ᠬᠦᠷᠳ᠋ᠡᠭᠡᠵᠠᠢ᠃

         
              ᠡᠦ ᠴᠢᠩ ᠬᠠᠢ ᠡᠴᠡ᠂ ᠵᠤᠷᠢᠯᠳ᠋ᠠ ᠶᠢᠨ ᠤᠬᠠᠮᠰᠡᠷ ᠶᠢᠡᠨ ᠪᠠᠳ᠋ᠤ ᠪᠤᠯᠭᠠᠵᠤ᠂ ᠡᠭᠡᠯ ᠵᠢᠷ ᠤᠨ ᠠᠵᠢᠯ ᠤᠨ ᠪᠠᠢ᠌ᠷᠢ ᠲᠡᠭᠡᠷ᠎ᠠ ᠦᠢᠯᠡᠳ᠋ᠦᠯ ᠶᠢᠡᠨ ᠪᠠᠳ᠋ᠠᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠨᠠᠮ ᠤᠨ ᠭᠡᠰᠢᠭᠦᠨ ᠺᠠᠳ᠋ᠷ ᠪᠤᠯᠤᠭᠰᠠᠨ ᠤ ᠬᠤᠪᠢ ᠳᠤ᠂ ᠬᠦᠬᠦᠷᠭᠡ ᠬᠤᠯᠪᠤᠭᠠᠰᠤ ᠶᠢᠨ ᠦᠢᠯᠡᠳ᠋ᠦᠯ ᠶᠢᠡᠨ ᠰᠠᠢ᠌ᠳ᠋ᠤᠷ ᠪᠠᠳ᠋ᠠᠷᠠᠭᠤᠯᠵᠤ᠂ ᠠᠷᠠᠳ ᠲᠦ᠋ᠮᠡᠨ ᠶᠢᠡᠷ ᠭᠤᠤᠯ ᠪᠤᠯᠭᠠᠨ᠂ ᠠᠷᠠᠳ ᠤᠨ ᠲᠦ᠋ᠯᠦᠭᠡᠯᠡᠭ᠍ᠴᠢ᠂ ᠤᠯᠠᠨ ᠲᠦ᠋ᠮᠡᠨ ᠲᠡᠶ ᠰᠡᠳᠭᠢᠯ ᠨᠢᠭᠡᠳᠴᠦ᠂ ᠢᠯᠡᠭᠦᠬᠡᠨ ᠬᠠᠷᠢᠯᠴᠠᠵᠦ᠂ ᠪᠤᠳ᠋ᠠᠳ᠋ᠤ ᠶᠠᠪᠤᠳ᠋ᠠᠯ ᠬᠢᠵᠦ᠂ ᠠᠷᠠᠳ ᠲᠦ᠋ᠮᠡᠨ ᠤ ᠲᠦ᠋ᠯᠦᠭᠡ ᠵᠢᠳᠭᠦᠨ᠂ ᠠᠷᠠᠳ ᠲᠦ᠋ᠮᠡᠨ ᠳᠤ ᠠᠰᠢᠭ ᠲᠤᠰᠠ ᠤᠯᠭᠤᠵᠤ᠂ ᠬᠠᠷᠢᠭᠤᠴᠠᠯᠭ᠎ᠠ ᠡᠭᠦᠷᠭᠡᠯᠡᠯ ᠶᠢᠡᠨ ᠲᠠᠰᠤᠷᠠᠯᠳ᠋ᠠ ᠦᠭᠡᠶ ᠴᠢᠩᠭ᠋ᠠᠳᠬᠠᠨ᠂ ᠠᠵᠢᠯ ᠤᠨ ᠴᠢᠳ᠋ᠠᠪᠤᠷᠢ᠂ ᠲᠤᠰᠢᠶᠠᠯ ᠶᠢᠡᠨ ᠭᠦᠢᠴᠡᠳᠭᠡᠬᠦ ᠴᠢᠳ᠋ᠠᠪᠤᠷᠢ ᠪᠠ ᠠᠷᠠᠳ ᠲᠦ᠋ᠮᠡᠨ ᠳᠤ ᠦᠢᠯᠡᠴᠢᠯᠡᠬᠦ ᠴᠢᠳ᠋ᠠᠪᠤᠷᠢ ᠪᠠᠨ ᠴᠢᠩᠭ᠋ᠠᠳᠬᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠭᠦᠷᠭᠡ ᠴᠢᠳ᠋ᠠᠪᠬᠢ ᠶᠢᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠰᠢᠨ᠎ᠠ ᠨᠢᠭᠡᠨ ᠲᠡᠭ᠍ᠳ᠋ᠡᠷ ᠲᠤ ᠭᠠᠷᠭᠠᠵᠤ᠂ ᠰᠢᠨ᠎ᠠ ᠠᠮᠵᠢᠯᠳ᠋ᠡ ᠤᠯᠬᠤ ᠶᠢ ᠲᠦ᠋ᠯᠬᠢᠨ ᠠᠬᠢᠭᠤᠯᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃

       
               ᠨᠠᠮ ᠤᠨ ᠬᠢᠴᠢᠶᠡᠯ ᠲᠠᠭᠤᠰᠤᠭᠰᠠᠨ ᠤ ᠲᠠᠷᠠᠭ᠎ᠠ᠂ ᠡᠦ ᠴᠢᠩ ᠬᠠᠢ ᠲᠤᠬᠠᠢ ᠶᠢᠨ ᠲᠠᠯᠠᠪᠤᠷ ᠲᠤ ᠪᠠᠢ᠌ᠭ᠎ᠠ ᠪᠦᠬᠦ ᠨᠠᠮ ᠤᠨ ᠬᠡᠰᠢᠭᠦᠨ ᠢ ᠲᠠᠭᠠᠭᠤᠯᠤᠨ ᠨᠠᠮ ᠳᠤ ᠤᠷᠤᠬᠤ ᠲᠠᠩᠭ᠋ᠠᠷᠢᠭ ᠤᠨ ᠦᠭᠡᠰ ᠢ ᠲᠠᠬᠢᠨ ᠡᠷᠭᠢᠴᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠤᠬᠠᠮᠰᠡᠷ ᠢ ᠤᠯᠠᠮ ᠨᠢᠭᠡ ᠠᠯᠬᠤᠮ ᠴᠢᠩᠭ᠋ᠠᠳᠬᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠤᠨ ᠨᠠᠮ ᠤᠨ ᠤᠳ᠋ᠤᠷᠢᠳ᠋ᠤᠯᠭ᠎ᠠ ᠲᠤᠤᠷ᠎ᠠ ᠲᠤᠬᠠᠢ᠌ᠯᠠᠭᠰᠠᠨ ᠠᠵᠢᠯ ᠶᠢᠡᠨ ᠰᠠᠢ᠌ᠳ᠋ᠤᠷ ᠬᠢᠬᠦ᠂ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠠᠦᠯᠢ ᠶᠤᠰᠤᠭᠠᠷ ᠭᠦᠢᠴᠡᠳᠭᠡᠬᠦ ᠢᠳ᠋ᠡᠭᠡᠯ ᠵᠤᠷᠢᠭ ᠢ ᠤᠯᠠᠮ ᠪᠠᠳ᠋ᠤᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠤᠯᠤᠰ ᠪᠠᠢ᠌ᠭᠤᠯᠤᠭᠳ᠋ᠠᠬᠤ ᠡᠴᠡ ᠡᠮᠦᠨᠡᠬᠢ ᠠᠬᠠᠮᠡᠳ ᠨᠠᠮ ᠤᠨ ᠭᠡᠰᠢᠭᠦᠨ ᠪᠠ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠠᠬᠠᠮᠠᠳ ᠨᠠᠮ ᠤᠨ ᠭᠡᠰᠢᠭᠦᠨ ᠪᠠ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ