ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠠᠬᠠᠮᠠᠳ ᠨᠠᠮ ᠤᠨ ᠭᠡᠰᠢᠭᠦᠨ ᠪᠠ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ


6 ᠰᠠᠷ᠎ᠠ ᠶᠢᠨ 29᠊ᠦ ᠡᠳ᠋ᠦᠷ ᠡᠴᠡ 30᠊ᠦ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠦᠷᠡᠪᠠᠳ᠋ᠤ᠂ ᠰᠦ᠋ᠩ ᠯᠢᠶᠠᠨ ᠡᠾᠦ᠋ᠢ ᠲᠤᠰ ᠲᠤᠰ ᠦᠨᠡᠭᠡᠴᠢ ᠰᠤᠮᠤ᠂ ᠯᠦ᠋ᠪᠸᠢ ᠪᠠᠯᠭᠠᠰᠤ᠂ ᠴᠢᠨᠳ᠋ᠠᠮᠤᠨᠢ ᠰᠤᠮᠤ ᠳᠤ ᠭᠦᠨᠵᠡᠭᠡᠢ᠌ᠷᠡᠨ᠂ ᠤᠯᠤᠰ ᠪᠠᠢ᠌ᠭᠤᠯᠤᠭᠳ᠋ᠠᠬᠤ ᠡᠴᠡ ᠡᠮᠦᠨᠡᠬᠢ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠵᠤ᠂ ᠲᠡᠳ᠋ᠡᠨ ᠳᠤ ᠪᠠᠶᠠᠷ ᠤᠨ ᠡᠳ᠋ᠦᠷ ᠤᠨ ᠵᠦ᠋ᠩᠨᠡᠯ ᠵᠢᠴᠢ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠮᠡᠨᠳ᠋ᠦᠴᠢᠯᠡᠯ ᠪᠠ ᠬᠠᠯᠠᠮᠵᠢᠯᠠᠯ ᠲᠡᠪᠰᠢᠭᠦᠯᠪᠡ᠃

ᠤᠯᠤᠰ ᠪᠠᠢ᠌ᠭᠤᠯᠤᠭᠳ᠋ᠠᠬᠤ ᠡᠴᠡ ᠡᠮᠦᠨᠡᠬᠢ ᠠᠬᠠᠮᠠᠳ ᠨᠠᠮ ᠤᠨ ᠭᠡᠰᠢᠭᠦᠨ ᠪᠠᠶᠠᠷ᠂ ᠡᠦ ᠨᠢᠮ᠎ᠠ ᠶᠢ ᠪᠤᠯᠭᠤᠭᠠᠨ ᠲᠤᠬᠤᠨᠢᠭᠤᠯᠬᠤ ᠦᠶᠡᠰ᠂ ᠦᠷᠡᠪᠠᠳ᠋ᠤ᠂ ᠰᠦ᠋ᠩ ᠯᠢᠶᠠᠨ ᠡᠾᠦ᠋ᠢ ᠠᠬᠠᠮᠠᠳ ᠨᠠᠮ ᠤᠨ ᠭᠡᠰᠢᠭᠦᠨ ᠲᠡᠶ ᠲᠤᠳ᠋ᠤᠨᠤᠰᠤᠭ ᠶᠢᠡᠷ ᠭᠠᠷ ᠠᠳᠬᠤᠨ᠂ ᠬᠠᠯᠠᠭᠤᠨ ᠲᠤᠯᠠᠭᠠᠨ ᠢ ᠨᠢ ᠠᠰᠠᠭᠤᠵᠤ᠂ ᠲᠡᠳ᠋ᠡᠨ ᠳᠤ《ᠨᠠᠮ ᠤᠨ ᠭᠡᠰᠢᠭᠦᠨ ᠪᠤᠯᠤᠭᠰᠠᠨ ᠢᠷᠠᠭᠤ ᠠᠯᠳ᠋ᠠᠷ ᠲᠡᠶ 50 ᠵᠢᠯ》᠊ᠤᠨ ᠲᠤᠷᠠᠰᠬᠠᠯ ᠤᠨ ᠲᠡᠮᠳ᠋ᠡᠭ᠌ ᠵᠡᠭᠦᠯᠭᠡᠬᠦ ᠶᠢᠨ ᠬᠠᠮᠳ᠋ᠤ ᠲᠤᠬᠤᠨᠢᠭᠤᠯᠬᠤ ᠮᠦ᠋ᠩᠭᠦ ᠬᠦᠷᠭᠡᠵᠦ᠂ ᠨᠠᠰᠤᠳ᠋ᠠᠨ ᠤ ᠡᠷᠡᠭᠦᠯ ᠴᠢᠬᠢᠷᠠᠭ ᠤᠷᠳ᠋ᠤ ᠨᠠᠰᠤᠯᠠᠵᠤ᠂ ᠪᠠᠶᠠᠷ ᠬᠦᠷ ᠲᠡᠶ ᠠᠮᠢᠳ᠋ᠤᠷᠠᠬᠤ ᠶᠢ ᠵᠦ᠋ᠩᠨᠡᠪᠡ᠃

ᠦᠷᠡᠪᠠᠳ᠋ᠤ᠂ ᠰᠦ᠋ᠩ ᠯᠢᠶᠠᠨ ᠡᠾᠦ᠋ᠢ ᠪᠠᠰᠠ ᠤᠷᠢᠳ ᠬᠤᠵᠢᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷ ᠴᠢᠨ ᠯᠢ ᠮᠢᠨ᠂ ᠭᠤᠤ ᠪᠢᠨ ᠢ ᠪᠤᠯᠭᠤᠭᠠᠨ ᠲᠤᠬᠤᠨᠢᠭᠤᠯᠵᠤ᠂ ᠠᠬᠠᠮᠠᠳ ᠺᠠᠳ᠋ᠷᠴᠤᠳ ᠤᠨ ᠤᠯᠠᠨ ᠵᠢᠯ ᠤᠨ ᠲᠤᠷᠰᠢ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠪᠠ ᠵᠠᠷᠤᠳ ᠬᠤᠰᠢᠭᠤᠨ ᠤ ᠠᠵᠤ ᠠᠬᠤᠢ ᠨᠡᠢ᠌ᠭᠡᠮ ᠤᠨ ᠬᠦᠭ᠍ᠵᠢᠯᠳ᠋ᠡ ᠳᠤ ᠦᠵᠡᠭᠦᠯᠦᠭ᠍ᠰᠡᠨ ᠴᠢᠬᠤᠯᠠ ᠬᠤᠪᠢ ᠨᠡᠮᠡᠷᠢ ᠳᠤ ᠲᠠᠯᠠᠷᠬᠠᠬᠤ ᠶᠢᠨ ᠬᠠᠮᠳ᠋ᠤ ᠲᠡᠳ᠋ᠡᠨ ᠤ ᠬᠤᠢ᠌ᠰᠢᠳ᠋ᠡ ᠪᠦᠬᠦ ᠬᠤᠰᠢᠭᠤᠨ ᠤ ᠡᠯ᠎ᠠ ᠠᠵᠢᠯ ᠦᠢᠯᠡᠰ ᠤᠨ ᠬᠦᠭ᠍ᠵᠢᠯᠳ᠋ᠡ ᠶᠢ ᠦᠷᠭᠦᠯᠵᠢᠯᠡᠨ ᠬᠠᠯᠠᠮᠵᠢᠯᠡᠨ ᠲᠡᠮᠵᠢᠬᠦ ᠶᠢ ᠬᠦᠰᠡᠪᠡ᠃ (ᠯᠸᠢ ᠫᠠᠩ)