ᠤᠳᠤ ᠶᠢᠨ ᠪᠠᠢ᠌ᠷᠢ᠄ ᠴᠢᠬᠤᠯᠠ ᠮᠡᠳᠡᠭᠡ → ᠦᠪᠡᠷᠳ᠋ᠡᠭᠡᠨ ᠵᠠᠰᠠᠬᠤ ᠤᠷᠤᠨ ᠤ ᠠᠷᠠᠳ ᠤᠨ᠁
ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠠᠳ᠋ᠠᠭᠤ ᠪᠡᠶᠡᠳ᠋ᠤ ᠬᠠᠶᠠᠭᠳ᠋ᠠᠮᠠᠯ ᠪᠤᠳ᠋ᠠᠰ ᠤᠨ ᠤᠷᠴᠢᠨ ᠲᠤᠭᠤᠷᠢᠨ ᠢ ᠪᠤᠬᠢᠷᠳ᠋ᠤᠭᠤᠯᠬᠤ ᠶᠢ ᠰᠡᠷᠭᠡᠢ᠌ᠯᠡᠨ ᠵᠠᠰᠠᠬᠤ ᠬᠠᠦᠯᠢ》ᠵᠢᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

         6 ᠰᠠᠷ᠎ᠠ ᠶᠢᠨ 29᠊ᠦ ᠡᠳ᠋ᠦᠷ᠂ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠷᠴᠢᠨ ᠲᠤᠭᠤᠷᠢᠨ ᠡᠬᠢ ᠪᠠᠶᠠᠯᠢᠭ ᠬᠤᠳ᠋ᠠ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠤᠨ ᠵᠦ᠋ᠪᠯᠡᠯ ᠤᠨ ᠡᠷᠬᠢᠯᠡᠭ᠍ᠴᠢ ᠮᠸᠢ ᠵᠸᠨ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠡᠰᠡᠭ᠌ ᠭᠡᠰᠢᠭᠦᠨ ᠪᠤᠯᠤᠨ ᠬᠠᠮᠢᠶ᠎ᠠ ᠪᠦᠬᠦᠢ ᠠᠵᠢᠯ ᠤᠨ ᠵᠦ᠋ᠪᠯᠡᠯ ᠠᠯᠪᠠᠨ ᠭᠡᠷ ᠤᠨ ᠬᠦᠮᠦᠰ ᠵᠢᠴᠢ ᠪᠦᠬᠦ ᠤᠯᠤᠰ᠂ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢ ᠪᠠᠷ ᠪᠦᠷᠢᠯᠳ᠋ᠦᠭ᠍ᠰᠡᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ᠂《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠠᠳ᠋ᠠᠭᠤ ᠪᠡᠶᠡᠳ᠋ᠤ ᠬᠠᠶᠠᠭᠳ᠋ᠠᠮᠠᠯ ᠪᠤᠳ᠋ᠠᠰ ᠤᠨ ᠤᠷᠴᠢᠨ ᠲᠤᠭᠤᠷᠢᠨ ᠢ ᠪᠤᠬᠢᠷᠳ᠋ᠤᠭᠤᠯᠬᠤ ᠶᠢ ᠰᠡᠷᠭᠡᠢ᠌ᠯᠡᠨ ᠵᠠᠰᠠᠬᠤ ᠬᠠᠦᠯᠢ》ᠵᠢᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢ ᠲᠦ᠋ᠪᠯᠡᠷᠡᠭᠦᠯᠦᠨ ᠦᠷᠨᠢᠭᠦᠯᠵᠦ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠳ᠋ᠠ ᠶᠢᠨ ᠤᠷᠴᠢᠨ ᠲᠤᠭᠤᠷᠢᠨ ᠤ ᠠᠵᠢᠯ ᠤᠨ ᠵᠦ᠋ᠪᠯᠡᠯ ᠤᠨ ᠡᠷᠬᠢᠯᠡᠭ᠍ᠴᠢ ᠹᠥ᠋ ᠷᠦ᠋ᠢ ᠡᠾᠸᠩ  ᠪᠤᠯᠤᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠦᠷᠡᠪᠠᠳ᠋ᠤ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠯᠢ ᠶᠦ᠋ᠩ ᠬᠠᠢ ᠵᠢᠴᠢ ᠬᠤᠳ᠋ᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ ᠪᠠᠷ᠎ᠠ ᠪᠤᠯᠪᠠ᠃

         
               ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠦᠪᠦᠷ ᠮᠤᠩᠭ᠋ᠤᠯ ᠤᠨ ᠴᠸᠩ ᠿᠦ᠋ᠨ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠳ᠋ᠤ ᠺᠦᠮᠫᠠᠨᠢ ᠳᠤ ᠬᠦᠷᠴᠦ᠂ ᠠᠵᠤ ᠦᠢᠯᠡᠳᠪᠦᠷᠢ ᠶᠢᠨ ᠬᠠᠳ᠋ᠠᠭᠤ ᠪᠠᠶᠡᠳ᠋ᠤ ᠬᠠᠶᠠᠭᠳ᠋ᠠᠮᠠᠯ ᠪᠤᠳ᠋ᠠᠰ ᠤᠨ ᠪᠤᠬᠢᠷᠳ᠋ᠤᠯ ᠢ ᠰᠡᠷᠭᠡᠢ᠌ᠯᠡᠨ ᠵᠠᠰᠠᠭᠰᠠᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠪᠠᠷ ᠲᠠᠮᠵᠢᠨ᠂ ᠬᠠᠳ᠋ᠠᠭᠤ ᠪᠡᠶᠡᠳ᠋ᠤ ᠬᠠᠶᠠᠭᠳ᠋ᠠᠮᠠᠯ ᠪᠤᠳ᠋ᠠᠰ ᠤᠨ ᠡᠭᠦᠰᠦᠮᠡᠯ᠂ ᠴᠤᠭᠯᠠᠭᠤᠯᠬᠤ᠂ ᠬᠠᠳ᠋ᠠᠭᠠᠯᠠᠬᠤ᠂ ᠠᠰᠢᠭᠯᠠᠬᠤ᠂ ᠰᠢ᠌ᠳᠪᠦᠷᠢᠯᠡᠬᠦ ᠪᠦᠬᠦ ᠶᠠᠪᠤᠴᠠ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠭᠰᠠᠨ ᠪᠠᠢ᠌ᠳ᠋ᠠᠯ᠂ ᠪᠤᠬᠢᠷᠳ᠋ᠤᠯ ᠢ ᠭᠠᠳ᠋ᠠᠭᠰᠢᠯᠠᠭᠤᠯᠬᠤ ᠵᠦ᠋ᠪᠰᠢᠶᠡᠯ᠂ ᠡᠬᠢ ᠪᠠᠶᠠᠯᠢᠭ ᠢ ᠶᠡᠷᠦᠩᠬᠡᠢ᠌ᠯᠡᠨ ᠠᠰᠢᠭᠯᠠᠬᠤ ᠦᠨᠡᠯᠡᠯᠳ᠋ᠡ ᠶᠢᠨ ᠲᠦ᠋ᠷᠢᠮ ᠢ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠨᠠᠷᠢᠨ ᠤᠢ᠌ᠯᠠᠭᠠᠪᠠ᠃

       
              ᠬᠠᠦᠯᠢ ᠬᠡᠷᠡᠭ᠍ᠵᠢᠭᠦᠯᠦᠯᠳ᠋ᠡ ᠶᠢᠨ ᠲᠤᠭᠤᠢ᠌ᠯᠠᠩ ᠡᠴᠡ᠂ ᠶᠡᠷᠦᠩᠬᠡᠢ ᠱᠦ᠋ᠵᠢ ᠰᠢ ᠵᠢᠨ ᠫᠢᠩ ᠤᠨ ᠤᠷᠴᠢᠨ ᠲᠤᠭᠤᠷᠢᠨ ᠤ ᠬᠠᠮᠠᠭᠠᠯᠠᠯᠳ᠋ᠠ ᠶᠢᠨ ᠲᠤᠬᠠᠢ ᠠᠯᠢ ᠤᠯᠠᠨ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠬᠠᠦᠯᠢ ᠳᠤ ᠲᠤᠭᠳ᠋ᠠᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠬᠠᠳ᠋ᠠᠭᠤ ᠪᠠᠶᠠᠳ᠋ᠤ ᠬᠠᠶᠠᠭᠳ᠋ᠠᠮᠠᠯ ᠪᠤᠳ᠋ᠠᠰ ᠤᠨ ᠤᠷᠴᠢᠨ ᠲᠤᠭᠤᠷᠢᠨ ᠢ ᠪᠤᠬᠢᠷᠳ᠋ᠤᠭᠤᠯᠬᠤ ᠶᠢ ᠰᠡᠷᠭᠡᠢ᠌ᠯᠡᠨ ᠵᠠᠰᠠᠬᠤ ᠬᠠᠦᠯᠢ ᠶᠢ ᠲᠤᠭᠤᠰᠢᠯᠠᠭᠤᠯᠤᠨ ᠬᠡᠷᠡᠭ᠍ᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠤᠷᠴᠢᠨ ᠲᠤᠭᠤᠷᠢᠨ ᠤ ᠶᠠᠰᠤ ᠴᠢᠨᠠᠷ ᠤᠨ ᠲᠠᠰᠤᠷᠠᠯᠳ᠋ᠡ ᠦᠭᠡᠶ ᠰᠠᠢ᠌ᠵᠢᠷᠠᠬᠤ ᠶᠢ ᠠᠬᠢᠭᠤᠯᠤᠨ᠂ ᠠᠮᠢ ᠠᠬᠤᠢ ᠶᠢ ᠬᠠᠮᠠᠭᠠᠯᠠᠬᠤ ᠪᠠ ᠪᠤᠬᠢᠷᠳ᠋ᠤᠯ ᠢ ᠰᠡᠷᠭᠡᠢ᠌ᠯᠡᠨ ᠵᠠᠰᠠᠬᠤ ᠪᠤᠭᠤᠮᠳ᠋ᠠ ᠰᠢᠪᠳ᠋ᠤᠯᠬᠤ ᠲᠠᠢ᠌ᠯᠠᠯᠳ᠋ᠤᠭᠠᠨ ᠢ ᠦᠨᠡᠨ ᠬᠦ ᠰᠠᠢ᠌ᠳ᠋ᠦᠷ ᠬᠢᠬᠦ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠠᠬᠠᠮᠠᠳ ᠨᠠᠮ ᠤᠨ ᠭᠡᠰᠢᠭᠦᠨ ᠪᠠ ᠶᠠᠳ᠋ᠠᠭᠤ ᠬᠦᠴᠢᠷᠳ᠋ᠡᠯᠳ᠋ᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠬᠦᠯᠢᠶᠠᠨ ᠠᠪᠴᠦ ᠦᠵᠡᠪᠡ