ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠬᠦᠯᠢᠶᠠᠨ ᠠᠪᠴᠦ ᠦᠵᠡᠪᠡ


       
              7 ᠰᠠᠷ᠎ᠠ ᠶᠢᠨ 1᠊ᠦ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠦᠷᠡᠪᠠᠳ᠋ᠤ᠂ ᠰᠦ᠋ᠩ ᠯᠢᠶᠠᠨ ᠡᠾᠦ᠋ᠢ ᠵᠢᠴᠢ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠦᠷᠯᠦᠭᠡ ᠡᠷᠳᠡᠯᠡᠨ ᠲᠡᠯᠭᠡᠴᠡ ᠶᠢᠨ ᠡᠮᠦᠨ᠎ᠠ ᠰᠠᠭᠤᠵᠠᠭᠠᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠤᠨ ᠦᠪᠡᠳ᠋ᠡᠭ᠍ᠰᠢ ᠶᠡᠬᠡ ᠪᠠᠢ᠌ᠳ᠋ᠠᠯ ᠢ ᠬᠦᠯᠢᠶᠡᠨ ᠠᠪᠴᠦ ᠦᠵᠡᠬᠦ ᠪᠡᠷ ᠪᠡᠯᠡᠬᠡᠨ ᠪᠤᠯᠤᠭᠠᠳ ᠪᠠᠢ᠌ᠯ᠎ᠠ᠃

       
               ᠦᠳ᠋ᠡ ᠶᠢᠨ ᠡᠮᠦᠨᠡᠬᠢ 8 ᠴᠠᠭ ᠲᠤ᠂ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠵᠢᠩᠭᠢᠨᠢ ᠪᠠᠷ ᠡᠬᠢᠯᠡᠵᠦ᠂ ᠪᠦᠬᠦ ᠺᠠᠳ᠋ᠷ ᠠᠵᠢᠯᠳ᠋ᠡᠨ ᠶᠡᠷᠦᠩᠬᠡᠢ ᠱᠦ᠋ᠵᠢ ᠰᠢ ᠵᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳ᠋ᠤ ᠨᠠᠷᠢᠯᠢᠭ ᠲᠡᠮᠳ᠋ᠡᠭᠯᠡᠯ ᠬᠢᠵᠦ᠂ᠪᠠᠢᠨ ᠲᠠᠬᠢᠨ ᠠᠯᠠᠭ᠎ᠠ ᠲᠠᠰᠢᠵᠤ ᠲᠤᠭᠳᠤᠯᠤᠭᠰᠠᠨ ᠰᠡᠳᠭᠢᠯᠭᠡ ᠪᠠᠨ ᠢᠯᠡᠷᠡᠭᠦᠯᠵᠦ ᠪᠠᠢ᠌ᠯ᠎ᠠ᠃

       
               ᠶᠡᠬᠡ ᠬᠤᠷᠠᠯ ᠲᠠᠭᠤᠰᠤᠭᠰᠠᠨ ᠤ ᠲᠠᠷᠠᠭ᠎ᠠ᠂ ᠤᠯᠠᠨ ᠶᠢᠡᠷ ᠶᠢᠡᠨ᠂ ᠶᠡᠷᠦᠩᠬᠡᠢ ᠱᠦ᠋ᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠢ ᠡᠪ ᠬᠠᠮᠳ᠋ᠤᠴᠤᠳ ᠤᠨ ᠤᠭ ᠰᠠᠨᠠᠭ᠎ᠠ᠂ ᠡᠷᠡᠯᠬᠡᠭ᠌ ᠵᠤᠷᠢᠭ ᠪᠤᠯᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠦᠨ᠂ ᠨᠠᠮ ᠪᠠ ᠠᠷᠠᠳ ᠲᠦ᠋ᠮᠡᠨ ᠤ ᠦᠢᠯᠡᠰ ᠤᠨ ᠲᠠᠰᠤᠷᠠᠯᠳ᠋ᠠ ᠦᠭᠡᠶ ᠬᠦᠭ᠍ᠵᠢᠬᠦ ᠶᠢ ᠬᠦᠳ᠋ᠦᠯᠦᠨ ᠲᠠᠭᠠᠭᠤᠯᠬᠤ ᠴᠢᠬᠤᠯᠠ ᠬᠦᠳ᠋ᠦᠯᠪᠦᠷᠢ ᠶᠢᠨ ᠴᠢᠨᠠᠷᠳ᠋ᠠᠢ ᠲᠤᠯᠭᠤᠷ ᠪᠢᠴᠢᠭ᠌ ᠪᠠᠢᠵᠤ᠂ ᠪᠦᠬᠦ ᠨᠠᠮ ᠤᠨ ᠰᠢᠨ᠎ᠠ ᠲᠡᠦᠬᠡ ᠶᠢᠨ ᠭᠠᠷᠤᠭ᠎ᠠ ᠳᠤ ᠨᠠᠮ ᠪᠤᠯᠤᠨ ᠤᠯᠤᠰ ᠤᠨ ᠡᠯ᠎ᠠ ᠠᠵᠢᠯ ᠢ ᠰᠠᠢ᠌ᠳ᠋ᠤᠷ ᠬᠢᠬᠦ ᠳᠤ ᠤᠷᠤᠭᠰᠢᠯᠠᠬᠤ ᠴᠢᠭᠯᠡᠯ ᠪᠠ ᠠᠵᠢᠯᠯᠠᠭᠠᠨ ᠤ ᠵᠦ᠋ᠭᠯᠡᠭᠦᠷ ᠢ ᠲᠤᠳ᠋ᠤᠷᠬᠠᠢ᠌ᠯᠠᠨ ᠵᠢᠭᠠᠵᠤ᠂ ᠲᠤᠮᠳ᠋ᠠᠳ᠋ᠤ ᠶᠢᠨ ᠵᠡᠭᠦᠳ᠋ᠦ ᠶᠢ ᠲᠡᠷᠭᠡᠯᠰᠢᠯᠡᠭᠦᠯᠬᠦ ᠳᠤ ᠵᠠᠪᠠᠯ ᠢᠯᠠᠬᠤ ᠢᠳ᠋ᠡᠭᠡᠯ ᠪᠤᠯᠤᠨ ᠶᠡᠬᠡ ᠬᠦᠴᠦᠨ ᠢ ᠨᠢᠭᠳ᠋ᠠᠷᠠᠭᠤᠯᠤᠬᠰᠠᠨ ᠪᠠᠢᠨ᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎᠎ᠠ᠃ ᠪᠢᠳᠡ ᠬᠤᠢ᠌ᠰᠢᠳ᠋ᠡ ᠶᠢᠨ ᠠᠵᠢᠯ ᠤᠨ ᠪᠠᠢ᠌ᠷᠢ ᠳᠠᠭᠠᠨ ᠨᠠᠮ ᠤᠨ ᠭᠠᠪᠢᠶ᠎ᠠ ᠵᠢᠳᠭᠦᠯ ᠢ ᠴᠠᠭ ᠢᠮᠠᠭᠳ᠋ᠠ ᠪᠠᠳ᠋ᠤ ᠴᠡᠭᠡᠵᠢᠯᠡᠵᠦ᠂ ᠨᠠᠮ ᠤᠨ ᠤᠳ᠋ᠤᠷᠢᠳ᠋ᠤᠯᠭ᠎ᠠ ᠶᠢ ᠪᠠᠷᠢᠮᠳ᠋ᠠᠯᠠᠨ᠂ ᠪᠦᠬᠦ ᠰᠡᠳᠭᠢᠯ ᠶᠢᠡᠷ ᠶᠢᠡᠨ ᠬᠠᠷᠢᠭᠤᠴᠠᠯᠭ᠎ᠠ ᠪᠠᠨ ᠭᠦᠢᠴᠡᠳᠭᠡᠨ᠂ ᠵᠣᠷᠢᠭᠳ᠋ᠠᠢ ᠪᠠᠷ ᠰᠢᠨ᠎ᠠ ᠶᠢ ᠡᠭᠦᠳ᠋ᠦᠨ᠂ ᠵᠤᠷᠢᠭᠳ᠋ᠠᠢ ᠪᠠᠷ ᠦᠷᠢᠰᠦᠯᠳ᠋ᠦᠵᠦ᠂ ᠨᠠᠮ ᠤᠨ ᠭᠡᠰᠢᠭᠦᠨ ᠤ ᠵᠢᠱᠢᠶᠡᠴᠢ ᠦᠢᠯᠡᠳ᠋ᠦᠯ ᠢ ᠪᠠᠳ᠋ᠠᠷᠠᠭᠤᠯᠤᠨ᠂ ᠲᠤᠬᠠᠢ᠌ᠯᠠᠭᠰᠠᠨ ᠠᠵᠢᠯ ᠶᠢᠡᠨ ᠰᠠᠢ᠌ᠳ᠋ᠤᠷ ᠬᠢᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠢᠴᠢ ᠪᠠᠢ᠌ᠭᠤᠯᠭ᠎ᠠ ᠶᠢᠨ ᠡᠯ᠎ᠠ ᠠᠵᠢᠯ ᠤᠨ ᠰᠢᠨ᠎ᠠ ᠲᠡᠭ᠍ᠳ᠋ᠡᠷ ᠲᠤ ᠭᠠᠷᠬᠤ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠬᠦ ᠪᠠᠷ ᠵᠤᠷᠢᠭ ᠰᠢᠭᠤᠳᠤᠨ ᠴᠢᠷᠮᠠᠢᠨ᠎ᠠ ᠭᠡᠵᠦ ᠢᠯᠡᠳᠭᠡᠵᠡᠭᠡᠪᠡ᠃ (ᠯᠸᠢ ᠫᠠᠩ)

ᠡᠮᠦᠨᠡᠬᠢ᠄ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠠᠳ᠋ᠠᠭᠤ ᠪᠡᠶᠡᠳ᠋ᠤ ᠬᠠᠶᠠᠭᠳ᠋ᠠᠮᠠᠯ ᠪᠤᠳ᠋ᠠᠰ ᠤᠨ ᠤᠷᠴᠢᠨ ᠲᠤᠭᠤᠷᠢᠨ ᠢ ᠪᠤᠬᠢᠷᠳ᠋ᠤᠭᠤᠯᠬᠤ ᠶᠢ ᠰᠡᠷᠭᠡᠢ᠌ᠯᠡᠨ ᠵᠠᠰᠠᠬᠤ ᠬᠠᠦᠯᠢ》ᠵᠢᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠨ ᠭᠠᠮᠰᠢᠭ ᠲᠡᠶ ᠲᠡᠮᠡᠴᠡᠬᠦ ᠠᠵᠢᠯ ᠢ ᠪᠠᠢ᠌ᠴᠠᠭᠠᠨ ᠵᠢᠯᠤᠭᠤᠳ᠋ᠤᠪᠠ