ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ

      7 ᠰᠠᠷ᠎ᠠ ᠶᠢᠨ 2᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠵᠤ᠂ ᠬᠤᠷᠠᠯ ᠢ ᠬᠤᠰᠢᠭᠤᠨ ᠊ᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠬᠦ ᠶᠢᠨ ᠬᠠᠮᠳ᠋ᠠ ᠲᠠᠷᠠᠭᠠᠴᠢ ᠶᠢᠨ ᠠᠯᠬᠤᠮ ᠤᠨ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠭᠰᠠᠨ ᠪᠠᠢ᠌ᠨ᠎ᠠ᠃

       
               ᠬᠤᠷᠠᠯ ᠲᠡᠭᠡᠷ᠎ᠠ᠂ ᠯᠢ ᠴᠸᠩ ᠭᠦᠸᠸ ᠶᠡᠷᠦᠩᠬᠡᠢ ᠱᠦ᠋ᠵᠢ ᠰᠢ ᠵᠢᠨ ᠫᠢᠩ ᠤᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠲᠡᠭᠡᠷᠡᠬᠢ ᠴᠢᠬᠤᠯᠠ ᠶᠠᠷᠢᠶ᠎ᠠ ᠪᠤᠯᠤᠨ ᠶᠡᠷᠦᠩᠬᠡᠢ ᠱᠦ᠋ᠵᠢ ᠰᠢ ᠵᠢᠨ ᠫᠢᠩ ᠤᠨ ᠹᠦᠵᠢᠶᠠᠨ᠂ ᠬᠦᠭᠡᠨᠠᠭᠤᠷ᠂ ᠭᠤᠸᠠᠩᠰᠢ ᠳᠤ ᠰᠢᠨᠵᠢᠯᠡᠨ ᠪᠠᠢ᠌ᠴᠠᠭᠠᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠲᠠᠭᠠᠭᠤᠯᠤᠨ ᠰᠤᠷᠤᠯᠴᠠᠪᠠ᠃

       
               ᠬᠤᠷᠠᠯ ᠡᠴᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠭᠦᠯᠵᠢᠯᠡᠨ ᠰᠠᠢ᠌ᠳ᠋ᠤᠷ ᠠᠳᠬᠤᠨ᠂ ᠰᠤᠷᠤᠯᠴᠠᠪᠠᠯ ᠰᠡᠳᠭᠢᠬᠦ᠂ ᠰᠤᠷᠤᠯᠴᠠᠪᠠᠯ ᠤᠢ᠌ᠯᠠᠭᠠᠬᠤ᠂ ᠰᠤᠷᠤᠯᠴᠠᠪᠠᠯ ᠤᠯᠤᠯᠳ᠋ᠠ ᠲᠡᠶ ᠪᠠᠢ᠌ᠬᠤ ᠶᠢ ᠪᠡᠶᠡᠯᠡᠭᠦᠯᠦᠨ᠂ ᠬᠡᠯᠪᠡᠷᠢ ᠶᠢᠨ ᠦᠵᠡᠯ ᠢ ᠡᠷᠡᠰ ᠰᠡᠷᠭᠡᠢ᠌ᠯᠡᠵᠦ᠂ ᠦᠨᠡᠨ ᠬᠦ ᠰᠤᠷᠤᠯᠴᠠᠨ ᠪᠤᠳ᠋ᠠᠳ᠋ᠠᠢ ᠬᠢᠵᠦ᠂ ᠵᠠᠩᠭᠢᠯᠠᠭ᠎ᠠ ᠶᠢᠨ ᠠᠵᠢᠯᠯᠠᠭ᠎ᠠ ᠶᠢ ᠯᠠᠪᠳ᠋ᠠᠭᠤᠨ ᠪᠠᠳ᠋ᠤᠳ᠋ᠠᠢ ᠰᠠᠢ᠌ᠳ᠋ᠤᠷ ᠬᠢᠵᠦ᠂ ᠠᠵᠢᠯ ᠤᠨ ᠰᠤᠷᠳ᠋ᠠᠯ ᠶᠢᠡᠨ ᠬᠤᠪᠢᠷᠠᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠭᠡᠳᠭᠡᠨ ᠤᠷᠳ᠋ᠤᠳᠬᠠᠬᠤ ᠪᠠᠰᠠ ᠨᠢᠬᠡ ᠤᠳ᠋ᠠᠭᠠᠨ ᠤ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠨ ᠠᠳᠬᠤᠨ᠂ ᠰᠤᠷᠤᠯᠴᠠᠯᠭ᠎ᠠ ᠬᠦᠮᠦᠵᠢᠯ ᠤᠨ ᠦᠷ᠎ᠠ ᠪᠦᠳ᠋ᠦᠭᠡᠯ ᠢ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠠᠵᠢᠯᠳ᠋ᠡᠨ ᠡᠷᠡᠮᠡᠭᠡᠢ᠌ᠯᠡᠨ ᠤᠷᠤᠭᠰᠢᠯᠠᠬᠤ᠂ ᠰᠢᠨ᠎ᠠ ᠶᠢ ᠡᠭᠦᠳᠬᠦ ᠵᠤᠷᠢᠭ ᠰᠠᠨᠠᠭ᠎ᠠ ᠪᠠ ᠰᠢᠷᠭᠠᠭᠤ ᠬᠠᠳ᠋ᠠᠭᠤᠵᠢᠯᠳ᠋ᠠᠢ ᠠᠵᠢᠯᠯᠠᠬᠤ᠂ ᠦᠨᠡᠨ ᠬᠦ ᠪᠤᠳ᠋ᠠᠳ᠋ᠠᠢ ᠠᠵᠢᠯᠯᠠᠬᠤ ᠤᠬᠠᠮᠰᠡᠷᠳ᠋ᠤ ᠠᠵᠢᠯᠯᠠᠭ᠎ᠠ ᠪᠤᠯᠭᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃

       
              ᠬᠤᠷᠠᠯ ᠲᠡᠭᠡᠷ᠎ᠠ ᠪᠠᠰᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠢ᠌ᠴᠠᠭᠠᠯᠳ᠋ᠠ ᠶᠢᠨ ᠬᠠᠷᠢᠭᠤ ᠲᠤᠰᠬᠠᠬᠰᠠᠨ ᠰᠠᠨᠠᠯ ᠢ ᠴᠡᠭ᠍ᠴᠡᠯᠡᠨ ᠰᠠᠢ᠌ᠵᠢᠷᠠᠭᠤᠯᠬᠤ ᠲᠤᠬᠠᠢ ᠬᠠᠮᠢᠶ᠎ᠠ ᠪᠦᠬᠦᠢ ᠵᠦ᠋ᠢᠯᠡᠰ ᠢ ᠰᠤᠳ᠋ᠤᠯᠤᠨ ᠪᠠᠢ᠌ᠷᠢᠯᠠᠭᠤᠯᠪᠠ᠃ (ᠯᠸᠢ ᠫᠠᠩ)

ᠡᠮᠦᠨᠡᠬᠢ᠄ ᠬᠦᠴᠦ ᠪᠠᠨ ᠲᠦ᠋ᠪᠯᠡᠷᠡᠭᠦᠯᠦᠨ ᠰᠡᠳᠭᠢᠯ ᠶᠢᠡᠨ ᠨᠢᠭᠳ᠋ᠠᠷᠠᠭᠤᠯᠵᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠢᠭᠡᠳ᠋ᠦᠮᠡᠯ ᠹᠷᠤᠨᠲ ᠤᠨ ᠠᠵᠢᠯ ᠤᠨ ᠰᠢᠨ᠎ᠠ ᠪᠠᠢ᠌ᠳ᠋ᠠᠯ ᠢ ᠪᠦᠬᠦ ᠬᠦᠴᠦᠨ ᠶᠢᠡᠷ ᠡᠭᠦᠳᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ