ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠰᠡᠷᠡᠮᠵᠢ ᠶᠢᠨ ᠬᠦᠮᠦᠵᠢᠯ ᠤᠨ ᠹᠢᠯᠢᠮ ᠦᠵᠡᠪᠡ


       
               ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠰᠠᠬᠢᠯᠭ᠎ᠠ ᠪᠠᠳ᠋ᠤ ᠶᠢ ᠤᠯᠠᠮ ᠨᠢᠭᠡ ᠠᠯᠬᠤᠮ ᠲᠦ᠋ᠪ ᠴᠢᠩᠭ᠎ᠠ ᠪᠤᠯᠭᠠᠬᠤ ᠶᠢᠨ ᠲᠦ᠋ᠯᠦᠭᠡ᠂ 7 ᠰᠠᠷ᠎ᠠ ᠶᠢᠨ 5᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠰᠡᠷᠡᠮᠵᠢ ᠶᠢᠨ ᠬᠦᠮᠦᠵᠢᠯ ᠤᠨ ᠹᠢᠯᠢᠮ ᠢ ᠲᠦ᠋ᠪᠯᠡᠷᠡᠭᠦᠯᠦᠨ ᠦᠵᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠰᠦ᠋ᠩ ᠯᠢᠶᠠᠨ ᠡᠾᠦ᠋ᠢ᠂ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠤᠷᠤᠯᠴᠠᠪᠠ᠃

        
               ᠲᠤᠰ ᠰᠡᠷᠡᠮᠵᠢ ᠶᠢᠨ ᠬᠦᠮᠦᠵᠢᠯ ᠤᠨ ᠹᠢᠯᠢᠮ ᠨᠢ ᠰᠠᠬᠢᠯᠭ᠎ᠠ ᠪᠠᠳ᠋ᠤ ᠬᠠᠦᠯᠢ ᠴᠠᠭᠠᠵᠠ ᠡᠴᠡ ᠵᠦ᠋ᠷᠢᠴᠡᠭ᠍ᠰᠡᠨ ᠨᠡᠢ᠌ᠳ᠋ᠡᠯᠢᠭ᠌ ᠵᠢᠱᠢᠶ᠎ᠠ ᠶᠢ ᠭᠦᠨᠵᠡᠭᠡᠢ ᠵᠠᠳ᠋ᠠᠯᠬᠤ ᠪᠠᠷ ᠲᠠᠮᠵᠢᠨ᠂ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢ ᠴᠢᠩᠭ᠋ᠠᠳᠬᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠨᠠᠮ ᠤᠨ ᠲᠦ᠋ᠪ ᠬᠤᠷᠢᠶᠠᠨ ᠤ ᠰᠠᠬᠢᠯᠭ᠎ᠠ ᠪᠠᠳ᠋ᠤ ᠶᠢᠨ ᠱᠠᠭᠠᠷᠳ᠋ᠠᠯᠭ᠎ᠠ ᠶᠢ ᠤᠬᠠᠭᠤᠯᠵᠤ᠂ ᠨᠠᠮ ᠤᠨ ᠭᠡᠰᠢᠭᠦᠨ ᠤᠳ᠋ᠤᠷᠢᠳᠬᠤ ᠺᠠᠳ᠋ᠷᠴᠤᠳ ᠤᠯᠤᠰ ᠲᠦ᠋ᠷᠦ ᠶᠢᠨ ᠬᠦᠴᠦᠨ ᠶᠢᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠨᠠᠮ ᠤᠨ ᠤᠯᠤᠰ ᠲᠦ᠋ᠷᠦ ᠶᠢᠨ ᠰᠠᠬᠢᠯᠭ᠎ᠠ ᠪᠠᠳ᠋ᠤ ᠪᠠ ᠤᠯᠤᠰ ᠲᠦ᠋ᠷᠦ ᠶᠢᠨ ᠶᠤᠰᠤ ᠰᠤᠷᠳ᠋ᠠᠬᠤᠨ ᠢ ᠴᠢᠩᠭ᠎ᠠ ᠰᠠᠬᠢᠨ᠂ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢ ᠴᠢᠩᠳ᠋ᠠᠯᠠᠬᠤ ᠱᠠᠭᠠᠷᠳ᠋ᠠᠯᠭ᠎ᠠ ᠶᠢ ᠦᠨᠡᠨ ᠬᠦ ᠦᠢᠯᠡ ᠠᠵᠢᠯᠯᠠᠭ᠎ᠠ ᠳᠠᠭᠠᠨ ᠨᠠᠢ᠌ᠳ᠋ᠠᠪᠤᠷᠢᠵᠢᠭᠤᠯᠵᠤ᠂ ᠬᠠᠦᠯᠢ ᠶᠢ ᠬᠦᠨᠳ᠋ᠦᠳᠭᠡᠵᠦ ᠰᠠᠬᠢᠯᠭ᠎ᠠ ᠪᠠᠳ᠋ᠤ ᠡᠴᠡ ᠵᠢᠷᠦᠭᠡᠰᠢᠶᠡᠬᠦ᠂ ᠦᠨᠳ᠋ᠦᠰᠤᠨ ᠡᠴᠡ ᠨᠢ ᠴᠡᠭ᠍ᠴᠡᠯᠡᠨ ᠵᠠᠰᠠᠵᠤ ᠪᠡᠶᠡᠯᠡᠭᠦᠯᠬᠦ ᠶᠢ ᠬᠦᠮᠦᠵᠢᠭᠦᠯᠦᠨ ᠵᠢᠯᠤᠭᠤᠳ᠋ᠤᠭᠰᠠᠨ ᠪᠠᠢ᠌ᠨ᠎ᠠ᠃

         
               ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠭᠡᠰᠢᠭᠦᠨ ᠺᠠᠳ᠋ᠷᠴᠤᠳ ᠤᠯᠤᠰ ᠲᠦ᠋ᠷᠦ ᠶᠢᠨ ᠪᠠᠢ᠌ᠭᠤᠯᠤᠯᠳ᠋ᠠ ᠶᠢ ᠲᠡᠷᠢᠭᠦᠨ ᠪᠠᠢ᠌ᠷᠢᠨ ᠳᠤ ᠲᠠᠯᠪᠢᠵᠤ᠂ ᠤᠨᠤᠯ ᠤᠨ ᠰᠤᠷᠤᠯᠴᠠᠯᠭ᠎ᠠ ᠶᠢ ᠴᠢᠩᠭ᠋ᠠᠳᠬᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠲᠡᠶ ᠤᠶᠠᠯᠳ᠋ᠤᠭᠤᠯᠤᠨ ᠨᠠᠮ ᠤᠨ ᠰᠠᠬᠢᠯᠭ᠎ᠠ ᠪᠠᠳ᠋ᠤ ᠬᠠᠦᠯᠢ ᠲᠦ᠋ᠷᠢᠮ ᠤᠨ ᠰᠤᠷᠤᠯᠴᠠᠯᠭ᠎ᠠ ᠶᠢ ᠪᠠᠢ᠌ᠩᠭ᠋ᠤᠵᠢᠭᠤᠯᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢᠨ ᠰᠤᠷᠤᠯᠴᠠᠯᠭ᠎ᠠ ᠶᠢ ᠴᠢᠩᠭ᠋ᠠᠳᠬᠠᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢᠨ ᠦᠵᠡᠯ ᠰᠠᠨᠠᠭᠠᠨ ᠤ ᠰᠡᠷᠭᠡᠢ᠌ᠯᠡᠯᠳ᠋ᠡ ᠶᠢᠨ ᠱᠤᠭᠤᠮ ᠢ ᠪᠠᠳ᠋ᠤ ᠴᠤᠭᠴᠠᠯᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠨ ᠭᠠᠮᠰᠢᠭ ᠲᠡᠶ ᠲᠡᠮᠡᠴᠡᠬᠦ ᠠᠵᠢᠯ ᠢ ᠪᠠᠢ᠌ᠴᠠᠭᠠᠨ ᠵᠢᠯᠤᠭᠤᠳ᠋ᠤᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠬᠢᠨᠠᠨ ᠵᠢᠯᠤᠭᠤᠳ᠋ᠤᠪᠠ