ᠤᠳᠤ ᠶᠢᠨ ᠪᠠᠢ᠌ᠷᠢ᠄ ᠴᠢᠬᠤᠯᠠ ᠮᠡᠳᠡᠭᠡ → ᠦᠪᠡᠷᠳ᠋ᠡᠭᠡᠨ ᠵᠠᠰᠠᠬᠤ ᠤᠷᠤᠨ ᠤ ᠠᠷᠠᠳ ᠤᠨ᠁
ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠤᠰᠢᠭᠤᠨ ᠳᠤ ᠢᠷᠡᠵᠦ ᠨᠠᠰᠤᠳ᠋ᠠᠢ᠌ᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠢ᠌ᠴᠠᠭᠠᠨ ᠰᠤᠳ᠋ᠤᠯᠪᠠ


       
              7 ᠰᠠᠷ᠎ᠠ ᠶᠢᠨ 7᠊ᠦ ᠡᠳ᠋ᠦᠷ᠂ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠨ᠂ ᠨᠡᠢ᠌ᠭᠡᠮ ᠤᠨ ᠪᠦᠳ᠋ᠦᠭᠡᠨ ᠪᠠᠢ᠌ᠭᠤᠯᠤᠯᠳ᠋ᠠ ᠶᠢᠨ ᠵᠦ᠋ᠪᠯᠡᠯ ᠤᠨ ᠭᠡᠰᠢᠭᠦᠨ ᠲᠡᠳ᠋ ᠡᠷᠬᠢᠯᠡᠭ᠍ᠴᠢ ᠵᠸᠦ ᠴᠦ᠋ᠨ ᠵᠢᠶ‍ᠸ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ ᠵᠠᠷᠤᠳ ᠬᠤᠰᠢᠭᠤᠨ ᠳᠤ ᠢᠷᠡᠵᠦ ᠨᠠᠰᠤᠳ᠋ᠠᠢ᠌ᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠢ᠌ᠴᠠᠭᠠᠨ ᠰᠤᠳ᠋ᠤᠯᠪᠠ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠯᠢ ᡁᠢ ᠭᠠᠩ᠂ ᠬᠤᠰᠢᠭᠤᠨ ᠤ ᠵᠠᠰᠠᠭ ᠤᠨ ᠤᠷᠳ᠋ᠤᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠪᠤᠤ ᠸᠸᠨ ᠯᠠᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠲᠡᠳ᠋ ᠲᠠᠷᠤᠭ᠎ᠠ ᠶᠠᠩ ᠴᠠᠢ ᠰᠢᠶᠠ ᠵᠢᠴᠢ ᠬᠤᠳ᠋ᠠ᠂ ᠬᠤᠰᠢᠭᠤ ᠬᠤᠶᠠᠷ ᠱᠠᠳ᠋ᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠨ ᠰᠤᠳ᠋ᠤᠯᠪᠠ᠃

       
              ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠨᠠᠰᠤᠳ᠋ᠠᠢ᠌ᠴᠤᠳ ᠢ ᠠᠰᠠᠷᠠᠬᠤ ᠬᠦᠷᠢᠶᠡᠯᠡᠩ᠂ ᠬᠤᠰᠢᠭᠤᠨ ᠤ ᠨᠡᠢ᠌ᠭᠡᠮ ᠤᠨ ᠠᠰᠠᠷᠠᠮᠵᠢ ᠶᠢᠨ ᠲᠦ᠋ᠪ᠂ ᠬᠤᠰᠢᠭᠤᠨ ᠤ ᠨᠠᠰᠤᠳ᠋ᠠᠢ᠌ᠴᠤᠳ ᠤᠨ ᠶᠡᠬᠡ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠨᠠᠰᠤᠳ᠋ᠠᠢ᠌ᠴᠤᠳ ᠤᠨ ᠠᠮᠢᠳ᠋ᠤᠷᠠᠯ ᠤᠨ ᠤᠷᠴᠢᠨ ᠲᠤᠭᠤᠷᠢᠨ ᠪᠠ ᠦᠢᠯᠡᠴᠢᠯᠡᠭᠡᠨ ᠤ ᠲᠤᠨᠤᠭ ᠲᠦ᠋ᠬᠦᠭᠡᠷᠦᠮᠵᠢ ᠶᠢᠨ ᠢᠵᠢ ᠪᠦᠷᠢᠳ᠋ᠦᠭ᠍ᠰᠡᠨ ᠪᠠᠢ᠌ᠳ᠋ᠠᠯ ᠢ ᠲᠤᠬᠠᠢ ᠶᠢᠨ ᠭᠠᠵᠠᠷ ᠲᠤᠨᠢ ᠪᠠᠢ᠌ᠴᠠᠭᠠᠨ ᠦᠵᠡᠵᠦ᠂ ᠨᠠᠰᠤᠳ᠋ᠠᠢ᠌ᠴᠤᠳ ᠤᠨ ᠦᠢᠯᠡᠴᠢᠯᠡᠭᠡᠨ ᠤ ᠵᠦ᠋ᠢᠯᠡᠰ᠂ ᠬᠦᠳ᠋ᠡᠯᠭᠡᠭᠡᠨ ᠤ ᠲᠠᠯᠠᠪᠤᠷ ᠤᠨ ᠪᠦᠳ᠋ᠦᠭᠡᠨ ᠪᠠᠢ᠌ᠭᠤᠯᠤᠯᠳ᠋ᠠ ᠵᠡᠷᠭᠡ ᠬᠠᠮᠢᠶ᠎ᠠ ᠪᠦᠬᠦᠢ  ᠠᠵᠢᠯ ᠢ ᠨᠠᠷᠢᠯᠢᠭ ᠤᠢ᠌ᠯᠠᠭᠠᠪᠠ᠃ 

       
              ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠵᠠᠷᠤᠳ ᠬᠤᠰᠢᠭᠤᠨ ᠤ ᠨᠠᠰᠤᠳ᠋ᠠᠢ᠌ᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠤᠯᠤᠭᠰᠠᠨ ᠦᠷ᠎ᠠ ᠪᠦᠳ᠋ᠦᠮᠵᠢ ᠢ ᠭᠦᠢᠴᠡᠳ ᠨᠤᠳ᠋ᠠᠯᠠᠭᠰᠠᠨ ᠪᠦᠭᠡᠳ ᠵᠢᠭᠠᠵᠤ ᠭᠠᠷᠭᠠᠭᠰᠠᠨ ᠨᠢ᠂ ᠨᠠᠰᠤᠳ᠋ᠠᠢ᠌ᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠸᠮ ᠪᠤᠯ ᠠᠷᠠᠳ ᠤᠨ ᠠᠮᠢᠳ᠋ᠤᠷᠠᠯ ᠤᠨ ᠴᠢᠬᠤᠯᠠ ᠪᠦᠷᠢᠯᠳ᠋ᠦᠭᠦᠨ ᠬᠡᠰᠡᠭ᠌ ᠮᠦ᠋ᠨ᠂ ᠡᠯ᠎ᠠ ᠱᠠᠳ᠋ᠤᠨ ᠤ ᠨᠠᠰᠤᠳ᠋ᠠᠢ᠌ᠴᠤᠳ ᠤᠨ ᠠᠰᠠᠷᠠᠮᠵᠢ ᠶᠢᠨ ᠪᠠᠢ᠌ᠭᠤᠯᠤᠮᠵᠢ ᠶᠢᠨ ᠪᠠᠢ᠌ᠭᠤᠯᠤᠯᠳ᠋ᠠ ᠶᠢ ᠲᠦ᠋ᠷᠭᠡᠳᠭᠡᠨ᠂ ᠨᠠᠰᠤᠳ᠋ᠠᠢ᠌ᠴᠤᠳ ᠤᠨ ᠦᠢᠯᠡᠴᠢᠯᠡᠭᠡᠨ ᠤ ᠲᠤᠭᠳ᠋ᠠᠴᠠ ᠶᠢ ᠲᠠᠰᠤᠷᠠᠯᠳ᠋ᠠ ᠦᠭᠡᠶ ᠲᠡᠭᠦᠯᠳ᠋ᠡᠷᠵᠢᠭᠦᠯᠵᠦ᠂ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠸᠮ ᠢ ᠪᠦᠷᠢᠨᠰᠢᠭᠦᠯᠵᠦ᠂ ᠠᠰᠠᠷᠠᠮᠵᠢ ᠶᠢᠨ ᠨᠡᠢ᠌ᠭᠡᠮᠴᠢᠯᠡᠭ᠍ᠰᠡᠨ ᠦᠢᠯᠡᠴᠢᠯᠡᠭᠡᠨ ᠤ ᠬᠢᠷᠢ ᠲᠦ᠋ᠪᠰᠢᠨ ᠢ ᠲᠡᠭᠡᠭ᠍ᠰᠢᠯᠡᠬᠦᠯᠬᠦ ᠬᠡᠷᠡᠭ᠍ᠳ᠋ᠠᠢ ᠭᠡᠵᠠᠢ᠃ ᠪᠠᠢ᠌ᠴᠠᠭᠠᠬᠤ ᠲᠤᠭᠤᠢ᠌ᠯᠠᠩ ᠤᠨ ᠬᠢᠨ ᠵᠠᠷᠤᠳ ᠬᠤᠰᠢᠭᠤᠨ ᠤ ᠭᠡᠷ ᠲᠡᠭᠡᠨ ᠰᠠᠭᠤᠵᠤ ᠪᠠᠢ᠌ᠭ᠎ᠠ ᠨᠠᠰᠤᠳ᠋ᠠᠢ᠌ᠴᠤᠳ ᠤᠨ ᠠᠰᠠᠷᠠᠮᠵᠢ ᠬᠦᠷᠳ᠋ᠡᠬᠦ᠂ ᠪᠠᠢ᠌ᠭᠤᠯᠤᠮᠵᠢ ᠶᠢᠨ ᠨᠠᠰᠤᠳ᠋ᠠᠢ᠌ᠴᠤᠳ ᠤᠨ ᠠᠰᠠᠷᠠᠮᠵᠢ ᠶᠢᠨ ᠦᠢᠯᠡᠴᠢᠯᠡᠭᠡᠨ ᠬᠦᠷᠳ᠋ᠡᠬᠦ᠂ ᠬᠦᠳ᠋ᠡᠭᠡ ᠲᠤᠰᠬᠤᠨ ᠬᠠᠷᠢᠯᠴᠡᠨ ᠬᠠᠪᠰᠤᠷᠤᠯᠴᠠᠵᠤ ᠨᠠᠰᠤᠳ᠋ᠠᠢ᠌ᠴᠤᠳ ᠤᠨ ᠠᠰᠠᠷᠠᠮᠵᠢ ᠬᠦᠷᠳ᠋ᠡᠬᠦ ᠵᠡᠷᠭᠡ ᠤᠯᠠᠨ ᠵᠦ᠋ᠢᠯ ᠤᠨ ᠨᠠᠰᠤᠳ᠋ᠠᠢ᠌ᠴᠤᠳ ᠤᠨ ᠠᠰᠠᠷᠠᠮᠵᠢ ᠶᠢᠨ ᠬᠡᠯᠪᠡᠷᠢ ᠶᠢ ᠦᠷᠭᠦᠯᠵᠢᠯᠡᠨ ᠭᠦᠨᠵᠡᠭᠡᠢ ᠰᠦ᠋ᠪᠡᠭ᠍ᠴᠢᠯᠡᠵᠦ᠂ ᠬᠠᠮᠢᠶᠠᠷᠤᠯᠳ᠋ᠠ ᠶᠢᠨ ᠵᠠᠭᠪᠤᠷ ᠤᠨ ᠰᠢᠨ᠎ᠠ ᠶᠢ ᠡᠭᠦᠳ᠋ᠦᠨ᠂ ᠬᠠᠮᠢᠶᠠᠷᠤᠯᠳ᠋ᠠ ᠶᠢᠨ ᠠᠷᠭ᠎ᠠ ᠪᠠᠨ ᠰᠢᠯᠢᠳ᠋ᠡᠭ᠍ᠵᠢᠭᠦᠯᠵᠦ᠂ ᠨᠠᠰᠤᠳ᠋ᠠᠢ᠌ᠴᠤᠳ ᠤᠨ ᠪᠠᠳ᠋ᠤᠯᠠᠭ᠎ᠠ ᠶᠢᠨ ᠡᠷᠴᠢᠮ ᠢ ᠴᠢᠩᠭ᠋ᠠᠷᠠᠭᠤᠯᠤᠨ᠂ ᠨᠠᠰᠤᠳ᠋ᠠᠢ᠌ᠴᠤᠳ ᠤᠨ ᠦᠢᠯᠡᠴᠢᠯᠡᠭᠡᠨ ᠤ ᠰᠠᠭᠤᠷᠢ ᠲᠦ᠋ᠭᠦᠭᠡᠷᠦᠮᠵᠢ ᠶᠢ ᠰᠠᠢ᠌ᠵᠢᠷᠠᠭᠤᠯᠤᠨ᠂ ᠨᠠᠰᠤᠳ᠋ᠠᠢ᠌ᠴᠤᠳ ᠲᠤ ᠨᠡᠩ ᠤᠯᠠᠨ ᠬᠦᠷᠳ᠋ᠡᠮᠵᠢ ᠶᠢᠨ ᠲᠦ᠋ᠷᠦᠭ᠍ᠳ᠋ᠡᠯ᠂ ᠵᠢᠷᠭᠠᠯᠳ᠋ᠤ ᠲᠦ᠋ᠷᠦᠭ᠍ᠳ᠋ᠡᠯ ᠪᠤᠯᠤᠨ ᠠᠮᠤᠷ ᠲᠦ᠋ᠪᠰᠢᠨ ᠤ ᠲᠦ᠋ᠷᠦᠭ᠍ᠳ᠋ᠡᠯ ᠤᠯᠭᠤᠵᠤ᠂ ᠨᠠᠰᠤᠳ᠋ᠠᠢ᠌ᠴᠤᠳ ᠤᠨ ᠠᠰᠠᠷᠠᠮᠵᠢ ᠬᠦᠷᠳ᠋ᠡᠬᠦ ᠦᠢᠯᠡᠰ ᠤᠨ ᠡᠷᠡᠭᠦᠯ ᠶᠢᠡᠷ ᠬᠦᠭ᠍ᠵᠢᠬᠦ ᠶᠢ ᠠᠬᠢᠭᠤᠯᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠬᠢᠨᠠᠨ ᠵᠢᠯᠤᠭᠤᠳ᠋ᠤᠪᠠ
ᠳᠠᠷᠠᠭᠠᠬᠢ᠄ ᠬᠤᠵᠸᠦ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠢᠨᠵᠢᠯᠡᠨ ᠪᠠᠢ᠌ᠴᠠᠭᠠᠬᠤ ᠲᠤᠭᠤᠢ᠌ᠯᠠᠩ ᠵᠠᠷᠤᠳ ᠬᠤᠰᠢᠭᠤᠨ ᠳᠤ ᠢᠷᠡᠵᠦ ᠤᠯᠤᠰ ᠤᠨ ᠦᠮᠴᠢᠯᠡᠯ ᠤᠨ ᠪᠠᠢ᠌ᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠳ᠋ᠠ ᠶᠢᠨ ᠪᠠᠢ᠌ᠳ᠋ᠠᠯ ᠢ ᠰᠢᠨᠵᠢᠯᠡᠨ ᠪᠠᠢ᠌ᠴᠠᠭᠠᠪᠠ