ᠬᠤᠵᠸᠦ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠢᠨᠵᠢᠯᠡᠨ ᠪᠠᠢ᠌ᠴᠠᠭᠠᠬᠤ ᠲᠤᠭᠤᠢ᠌ᠯᠠᠩ ᠵᠠᠷᠤᠳ ᠬᠤᠰᠢᠭᠤᠨ ᠳᠤ ᠢᠷᠡᠵᠦ ᠤᠯᠤᠰ ᠤᠨ ᠦᠮᠴᠢᠯᠡᠯ ᠤᠨ ᠪᠠᠢ᠌ᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠳ᠋ᠠ ᠶᠢᠨ ᠪᠠᠢ᠌ᠳ᠋ᠠᠯ ᠢ ᠰᠢᠨᠵᠢᠯᠡᠨ ᠪᠠᠢ᠌ᠴᠠᠭᠠᠪᠠ
7 ᠰᠠᠷ᠎ᠠ ᠶᠢᠨ 8᠊ᠦ ᠡᠳ᠋ᠦᠷ᠂ ᠬᠤᠵᠸᠦ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠲᠡᠳ᠋ ᠱᠦ᠋ᠵᠢ᠂ ᠲᠡᠳ᠋ ᠡᠷᠬᠢᠯᠡᠭ᠍ᠴᠢ ᠱᠢ ᠭᠧᠨ ᠪᠤᠤ ᠰᠢᠨᠵᠢᠯᠡᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠤᠯᠤᠰ ᠤᠨ ᠦᠮᠴᠢᠯᠡᠯ ᠤᠨ ᠪᠠᠢ᠌ᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠳ᠋ᠠ ᠶᠢᠨ ᠪᠠᠢ᠌ᠳ᠋ᠠᠯ ᠢ ᠰᠢᠨᠵᠢᠯᠡᠨ ᠪᠠᠢ᠌ᠴᠠᠭᠠᠪᠠ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠦ᠋ᠪᠯᠡᠯ ᠤᠨ ᠡᠷᠬᠢᠯᠡᠭ᠍ᠴᠢ ᠱᠢ ᠶᠠᠨ ᠴᠦ᠋ᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠤᠷᠳ᠋ᠤᠨ ᠤ ᠲᠡᠳ᠋ ᠲᠠᠷᠤᠭ᠎ᠠ ᠮᠡᠷᠭᠡᠨᠪᠠᠳ᠋ᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠥ᠋ ᠮᠤᠤ ᠰᠢᠶᠠᠩ ᠵᠢᠴᠢ ᠬᠤᠳ᠋ᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠵᠤ ᠰᠢᠨᠵᠢᠯᠡᠨ ᠪᠠᠢ᠌ᠴᠠᠭᠠᠪᠠ᠃

ᠰᠢᠨᠵᠢᠯᠡᠨ ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠠᠷᠤ ᠬᠦᠨᠳ᠋ᠡᠯᠡᠨ ᠪᠠᠯᠭᠠᠰᠤᠨ ᠤ ᠵᠠᠭᠤᠨ ᠲᠦ᠋ᠮᠡᠨ ᠮᠤ ᠪᠠᠢ᠌ᠭᠠᠯᠢ ᠶᠢᠨ ᠨᠤᠳ᠋ᠤᠭ ᠪᠡᠯᠴᠢᠭᠡᠷ ᠤᠨ ᠴᠡᠴᠡᠷᠯᠢᠭ᠌᠂ ᠵᠠᠬᠠᠨᠠᠭᠤᠷ ᠤᠨ ᠨᠡᠭᠦᠷᠡᠰᠦᠨ ᠤ ᠦᠢᠯᠡᠰ ᠤᠨ ᠺᠤᠮᠫᠠᠨᠢ ᠳᠤ ᠬᠦᠷᠴᠦ᠂ ᠮᠠᠨ ᠤ ᠬᠤᠰᠢᠭᠤᠨ ᠤ ᠭᠠᠵᠠᠷ ᠰᠢᠷᠤᠢ᠂ ᠤᠢ ᠰᠢᠭᠤᠢ᠂ ᠤᠰᠤ᠂ ᠨᠤᠳ᠋ᠤᠭ ᠪᠡᠯᠴᠢᠭᠡᠷ᠂ ᠨᠡᠭᠦᠷᠰᠦᠨ ᠤ ᠡᠬᠢ ᠪᠠᠶᠠᠯᠢᠭ ᠡᠳ᠋ ᠬᠦᠷᠦᠩᠭᠡ ᠶᠢᠨ ᠬᠠᠮᠠᠭᠠᠯᠠᠯᠳ᠋ᠠ᠂ ᠠᠰᠢᠭᠯᠠᠯᠳ᠋ᠠ᠂ ᠨᠡᠬᠡᠭᠡᠯᠳ᠋ᠡ ᠶᠢᠨ ᠲᠤᠷᠰᠢᠯᠭ᠎ᠠ ᠵᠢᠨ ᠠᠷᠭ᠎ᠠ ᠠᠪᠴᠠᠯ ᠰᠢᠨᠵᠢᠯᠡᠨ ᠪᠠᠢ᠌ᠴᠠᠭᠠᠵᠤ ᠤᠢ᠌ᠯᠠᠭᠠᠪᠠ᠃

ᠲᠤᠬᠠᠢ ᠶᠢᠨ ᠲᠠᠯᠠᠪᠤᠷ ᠲᠤᠨᠢ ᠲᠤᠭᠤᠷᠢᠨ ᠦᠵᠡᠬᠦ ᠶᠢᠨ ᠬᠠᠮᠳ᠋ᠤ ᠰᠠᠨᠠᠯ ᠶᠢᠡᠨ ᠰᠤᠯᠢᠯᠴᠠᠬᠤ ᠪᠠᠷ ᠲᠠᠮᠵᠢᠨ᠂ ᠰᠢᠨᠵᠢᠯᠡᠨ ᠪᠠᠢ᠌ᠴᠠᠭᠠᠬᠤ ᠲᠤᠭᠤᠢ᠌ᠯᠠᠩ ᠤᠨ ᠬᠢᠨ᠂ ᠵᠠᠷᠤᠳ ᠬᠤᠰᠢᠭᠤᠨ ᠤ ᠤᠢ ᠰᠢᠭᠤᠢ ᠨᠤᠳ᠋ᠤᠭ ᠪᠡᠯᠴᠢᠭᠡᠷ ᠤᠨ ᠬᠠᠮᠠᠭᠠᠯᠠᠯᠳ᠋ᠠ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳ᠋ᠠ ᠶᠢᠨ ᠲᠦ᠋ᠷᠢᠮ ᠢ ᠨᠠᠢ᠌ᠳ᠋ᠠᠪᠤᠷᠢᠵᠢᠭᠤᠯᠬᠤ᠂ ᠨᠤᠮᠢᠨ ᠨᠤᠭᠤᠭᠠᠨ ᠠᠭᠤᠷᠬᠠᠢ ᠶᠢᠨ ᠠᠭᠤᠯᠠ ᠶᠢᠨ ᠪᠦᠳ᠋ᠦᠭᠡᠨ ᠪᠠᠢ᠌ᠭᠤᠯᠤᠯᠳ᠋ᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠠᠵᠢᠯ ᠯᠠᠪᠳ᠋ᠠᠭᠤᠨ ᠪᠠᠳ᠋ᠤᠳ᠋ᠠᠢ᠂ ᠦᠷ᠎ᠠ ᠪᠦᠳ᠋ᠦᠮᠵᠢ ᠢᠯᠡᠷᠬᠡᠢ ᠪᠠᠢ᠌ᠵᠤ᠂ ᠰᠤᠷᠤᠯᠴᠠᠭᠤᠰᠢᠳ᠋ᠠᠢ ᠪᠦᠭᠡᠳ ᠲᠤᠯᠢ ᠪᠤᠯᠭᠠᠬᠤ ᠵᠦ᠋ᠢᠯ ᠤᠯᠠᠨ ᠪᠠᠢ᠌ᠨ᠎ᠠ᠃ ᠪᠤᠴᠠᠭᠰᠠᠨ ᠤ ᠲᠠᠷᠠᠭ᠎ᠠ᠂ ᠵᠠᠷᠤᠳ ᠬᠤᠰᠢᠭᠤᠨ ᠤ ᠰᠠᠢ᠌ᠨ ᠲᠤᠷᠰᠢᠯᠭ᠎ᠠ᠂ ᠰᠠᠢ᠌ᠨ ᠠᠷᠭ᠎ᠠ ᠠᠪᠴᠠᠯ ᠢ ᠨᠠᠷᠢᠨ ᠬᠢᠨᠠᠮᠠᠭᠠᠢ ᠳ᠋ᠦ᠋ᠩᠨᠡᠨ᠂ ᠡᠮᠬᠢᠯᠡᠨ ᠲᠢᠭᠯᠡᠵᠦ᠂ ᠰᠢᠩᠭᠡᠭᠡᠨ ᠠᠪᠴᠦ᠂ ᠬᠤᠵᠸᠦ ᠬᠤᠳ᠋ᠠ ᠶᠢᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠡᠯ᠎ᠠ ᠲᠦ᠋ᠷᠦᠯ ᠤᠨ ᠠᠵᠢᠯ ᠤᠨ ᠨᠡᠩ ᠭᠦᠨᠵᠡᠭᠡᠢ᠌ᠷᠡᠨ ᠬᠦᠭ᠍ᠵᠢᠨ ᠦᠷᠨᠢᠬᠦ ᠶᠢ ᠠᠬᠢᠭᠤᠯᠤᠨ᠎ᠠ ᠭᠡᠵᠦ ᠦᠵᠡᠬᠦ ᠶᠢᠨ ᠬᠠᠮᠳ᠋ᠤ᠂ ᠬᠤᠶᠠᠷ ᠭᠠᠵᠠᠷ ᠤᠨ ᠬᠢᠨ ᠬᠠᠷᠢᠯᠴᠡᠨ ᠰᠤᠷᠤᠯᠴᠠᠵᠤ᠂ ᠬᠠᠷᠢᠯᠴᠡᠨ ᠰᠤᠯᠢᠯᠴᠡᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠬᠠᠮᠳ᠋ᠤᠪᠠᠷ ᠬᠦᠭ᠍ᠵᠢᠭᠦᠯᠦᠨ ᠴᠡᠴᠡᠭᠯᠡᠭᠦᠯᠦᠶᠠ ᠭᠡᠵᠦ ᠬᠦᠰᠡᠭ᠍ᠰᠡᠨ ᠪᠠᠢ᠌ᠨ᠎ᠠ᠃ (ᠯᠸᠢ ᠫᠠᠩ)