ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢ ᠴᠢᠩᠳ᠋ᠠᠯᠠᠬᠤ ᠠᠵᠢᠯ ᠤᠨ ᠬᠤᠷᠠᠯ ᠬᠤᠷᠠᠯᠳ᠋ᠤᠭᠤᠯᠪᠠ

7 ᠰᠠᠷ᠎ᠠ ᠶᠢᠨ 9᠊ᠦ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢ ᠴᠢᠩᠳ᠋ᠠᠯᠠᠬᠤ ᠠᠵᠢᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠥ᠋ ᠮᠤᠤ ᠰᠢᠶᠠᠩ᠂ ᠰᠦ᠋ᠩ ᠯᠢᠶᠠᠨ ᠡᠾᠦ᠋ᠢ᠂ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠳ᠋ᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠨ᠂ ᠬᠤᠷᠠᠯ ᠢ ᠪᠥ᠋ ᠮᠤᠤ ᠰᠢᠶᠠᠩ ᠡᠷᠬᠢᠯᠡᠪᠡ᠃


ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠂ ᠬᠤᠭᠤᠴᠠᠭ᠎ᠠ ᠰᠤᠯᠢᠬᠤ ᠲᠦ᠋ᠷᠦ ᠶᠢᠨ ᠪᠤᠳ᠋ᠤᠯᠭ᠎ᠠ ᠪᠠ ᠰᠠᠬᠢᠯᠭ᠎ᠠ ᠪᠠᠳ᠋ᠤ ᠶᠢᠨ ᠰᠤᠷᠤᠯᠴᠠᠯᠭ᠎ᠠ ᠤᠬᠠᠭᠤᠯᠭ᠎ᠠ ᠶᠢ ᠴᠢᠩᠭ᠋ᠠᠳᠬᠠᠨ᠂ ᠦᠵᠡᠯ ᠰᠠᠨᠠᠭᠠᠨ ᠤ ᠲᠡᠭᠡᠷᠡᠬᠢ《ᠤᠷᠢᠳᠴᠢᠯᠡᠨ ᠰᠡᠷᠭᠡᠢ᠌ᠯᠡᠬᠦ ᠲᠠᠷᠢᠯᠭ᠎ᠠ》ᠵᠢ ᠰᠠᠢ᠌ᠳ᠋ᠤᠷ ᠲᠠᠷᠢᠵᠤ᠂ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢᠨ ᠱᠠᠭᠠᠷᠳ᠋ᠠᠯᠭ᠎ᠠ ᠶᠢ ᠨᠠᠷᠢᠯᠢᠭ ᠲᠤᠭᠤᠰᠢᠯᠠᠭᠤᠯᠬᠤ ᠶᠢ ᠤᠬᠠᠭᠤᠯᠵᠤ ᠵᠢᠯᠤᠭᠤᠳ᠋ᠤᠨ᠂ ᠬᠢᠨᠠᠯᠳ᠋ᠠ ᠵᠢᠯᠤᠭᠤᠳ᠋ᠤᠯᠭ᠎ᠠ ᠳᠤ ᠢᠳ᠋ᠡᠪᠬᠢᠳ᠋ᠠᠢ ᠡᠮᠬᠢ ᠵᠢᠷᠤᠮ ᠲᠡᠶ ᠤᠷᠤᠯᠴᠡᠵᠦ᠂ ᠵᠦ᠋ᠪ ᠤᠨᠤᠪᠴᠢᠳ᠋ᠠᠢ ᠬᠠᠦᠯᠢ ᠶᠤᠰᠤ ᠪᠠᠷ ᠡᠷᠬᠡ ᠪᠠᠨ ᠬᠡᠷᠡᠭ᠍ᠵᠢᠭᠦᠯᠦᠨ᠂ ᠲᠤᠰᠢᠶᠠᠯ ᠪᠠᠨ ᠨᠠᠷᠢᠯᠢᠭ ᠭᠦᠢᠴᠡᠳᠭᠡᠵᠦ᠂ ᠰᠠᠬᠢᠯᠭ᠎ᠠ ᠪᠠᠳ᠋ᠤ ᠶᠢ ᠴᠢᠩᠭ᠎ᠠ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠂ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠬᠤᠭᠤᠴᠠᠭ᠎ᠠ ᠰᠤᠯᠢᠬᠤ ᠠᠵᠢᠯ ᠢ ᠯᠠᠪᠳ᠋ᠠᠭᠤᠨ ᠪᠠᠳ᠋ᠤᠳ᠋ᠠᠢ ᠡᠮᠬᠢ ᠵᠢᠷᠷᠤᠮ ᠲᠡᠶ ᠠᠬᠢᠭᠤᠯᠬᠤ ᠳᠤ ᠪᠠᠳ᠋ᠤ ᠴᠢᠩᠭ᠎ᠠ ᠪᠠᠳ᠋ᠤᠯᠠᠭ᠎ᠠ ᠬᠠᠩᠭ᠋ᠠᠵᠤ ᠦᠭᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

ᠬᠤᠷᠠᠯ ᠲᠡᠭᠡᠷ᠎ᠠ᠂ ᠡᠦ ᠴᠢᠩ ᠬᠠᠢ ᠪᠠᠰᠠ ᠦᠵᠡᠯ ᠰᠠᠨᠠᠭᠠᠨ ᠤ ᠲᠠᠨᠢᠯᠳ᠋ᠠ ᠪᠠᠨ ᠲᠡᠭᠡᠭ᠍ᠰᠢᠯᠡᠭᠦᠯᠦᠨ᠂ ᠶᠡᠷᠦᠩᠬᠡᠢ ᠱᠦ᠋ᠵᠢ ᠰᠢ ᠵᠢᠨ ᠫᠢᠩ ᠤᠨ 《7· 1》᠊ᠦ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠤᠨᠤᠯ᠂ ᠲᠤᠬᠠᠢ᠌ᠯᠠᠭᠰᠠᠨ ᠠᠵᠢᠯ᠂ ᠬᠠᠦᠯᠢ ᠶᠢᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠶᠠᠰᠤ ᠴᠢᠨᠠᠷ᠂ ᠲᠡᠷᠢᠭᠦᠯᠡᠬᠦ ᠪᠠᠷ ᠴᠢᠷᠮᠠᠢ᠌ᠵᠤ ᠰᠢᠯᠢᠳ᠋ᠡᠭ᠌ ᠢ ᠪᠦᠳ᠋ᠦᠭᠡᠬᠦ ᠦᠵᠡᠯ ᠤᠬᠠᠮᠰᠡᠷ ᠢ ᠴᠢᠩᠭ᠋ᠠᠳᠬᠠᠵᠤ᠂ ᠲᠤᠭᠤᠷᠢᠨ ᠪᠠᠢ᠌ᠴᠠᠭᠠᠯᠳ᠋ᠠ ᠶᠢᠨ ᠴᠡᠭ᠍ᠴᠡᠯᠡᠨ ᠵᠠᠰᠠᠬᠤ ᠠᠵᠢᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ ᠦᠷᠨᠢᠭᠦᠯᠬᠦ ᠶᠢ ᠰᠠᠢ᠌ᠳ᠋ᠤᠷ ᠬᠢᠬᠦ ᠵᠡᠷᠭᠡ ᠲᠠᠯ᠎ᠠ ᠪᠠᠷ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠭᠰᠠᠨ ᠪᠠᠢ᠌ᠨ᠎ᠠ᠃


ᠬᠤᠷᠠᠯ ᠲᠡᠭᠡᠷ᠎ᠠ ᠪᠠᠰᠠ ᠪᠠᠢ᠌ᠭᠤᠯᠭ᠎ᠠ ᠶᠢᠨ ᠪᠦᠬᠦ ᠺᠠᠳ᠋ᠷᠴᠤᠳ ᠢ ᠵᠤᠬᠢᠶᠠᠨ ᠪᠠᠢ᠌ᠭᠤᠯᠵᠤ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢ ᠴᠢᠩᠳ᠋ᠠᠯᠠᠬᠤ ᠠᠮᠠᠯᠳ᠋ᠠᠯᠭᠠ ᠶᠢᠨ ᠪᠢᠴᠢᠭ᠌ ᠲᠡᠭᠡᠷ᠎ᠠ ᠭᠠᠷ ᠤᠨ ᠦᠰᠦᠭ᠌ ᠵᠢᠷᠤᠬᠤ ᠶᠢᠨ ᠬᠠᠮᠳ᠋ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠢ ᠠᠮᠠᠯᠳ᠋ᠠᠯᠭᠠ ᠪᠠᠨ ᠨᠠᠷᠢᠨ ᠬᠢᠨᠠᠮᠠᠭᠠᠢ ᠭᠦᠢᠴᠡᠳᠭᠡᠨ᠂《ᠠᠷᠪᠠᠨ ᠴᠢᠩᠭ᠎ᠠ ᠴᠡᠭᠡᠷ》᠊ᠢ ᠪᠠᠳ᠋ᠤ ᠴᠡᠭᠡᠵᠢᠯᠡᠵᠦ᠂ ᠤᠬᠠᠮᠰᠡᠷ ᠡᠴᠡ ᠪᠠᠨ ᠵᠠᠭᠠᠭ ᠬᠢᠵᠠᠭᠠᠷ ᠢ ᠮᠡᠳ᠋ᠡᠨ᠂ ᠬᠤᠷᠢᠭ᠎ᠠ ᠱᠤᠭᠤᠮ ᠢ ᠤᠢ᠌ᠯᠠᠭᠠᠵᠤ᠂ ᠶᠤᠰᠤ ᠲᠦ᠋ᠷᠢᠮ ᠢ ᠶᠠᠷᠢᠨ᠂ ᠰᠠᠬᠢᠯᠭ᠎ᠠ ᠪᠠᠳ᠋ᠤ ᠶᠢ ᠰᠠᠬᠢᠵᠤ᠂ ᠤᠪᠤᠷ ᠰᠤᠷᠳ᠋ᠠᠯ ᠲᠦ᠋ᠪ ᠴᠢᠭᠡᠴᠢ ᠪᠦᠬᠦᠢ ᠬᠤᠭᠤᠴᠠᠭ᠎ᠠ ᠰᠤᠯᠢᠬᠤ ᠤᠷᠴᠢᠨ ᠲᠤᠭᠤᠷᠢᠨ ᠢ ᠪᠤᠢ ᠪᠤᠯᠭᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠠᠢ᠌ᠨ ᠲᠦ᠋ᠷᠢ ᠲᠦ᠋ᠷᠬᠦ ᠶᠢ ᠪᠤᠢ ᠪᠤᠯᠭᠠᠬᠤ ᠪᠠ ᠬᠠᠮᠠᠭᠠᠯᠠᠬᠤ ᠬᠡᠷᠡᠭ᠍ᠳ᠋ᠠᠢ ᠭᠡᠵᠦ ᠱᠠᠭᠠᠷᠳ᠋ᠠᠵᠠᠢ᠃ (ᠯᠸᠢ ᠫᠠᠩ)