ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ

        7 ᠰᠠᠷ᠎ᠠ ᠶᠢᠨ 9᠊ᠦ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠵᠤ᠂ ᠲᠦ᠋ᠪ ᠤᠨ ᠨᠠᠮ ᠤᠨ ᠰᠤᠷᠭᠠᠭᠤᠯᠢ (ᠤᠯᠤᠰ ᠤᠨ ᠵᠠᠰᠠᠭ ᠵᠠᠬᠢᠷᠭᠠᠨ ᠤ ᠲᠡᠭᠡᠳ᠋ᠦ ᠰᠤᠷᠭᠠᠭᠤᠯᠢ) ᠵᠢᠨ ᠰᠤᠳ᠋ᠤᠯᠬᠤ ᠲᠠᠰᠤᠭ ᠤᠨ ᠲᠡᠳ᠋ ᠡᠷᠬᠢᠯᠡᠭ᠍ᠴᠢ᠂ ᠫᠷᠦᠹᠸᠰᠰᠤᠷ ᠱᠸᠨ ᠴᠤᠸᠠᠨ ᠯᠢᠶᠠᠩ ᠤᠨ ᠶᠠᠷᠢᠬᠰᠠᠨ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠲᠠᠢ᠌ᠯᠤᠮᠵᠢ ᠶᠢᠨ ᠠᠷᠪᠠᠨ ᠬᠤᠶᠠᠳ᠋ᠤᠭᠠᠷ ᠬᠢᠴᠢᠶᠡᠯᠡᠯᠭᠡ᠄ ᠨᠠᠮ ᠤᠨ ᠠᠷᠪᠠᠨ ᠨᠢ᠋ᠮᠠᠳ᠋ᠤᠭᠠᠷ ᠶᠡᠬᠡ ᠬᠤᠷᠠᠯ ᠡᠴᠡ ᠨᠠᠰᠢᠬᠢ ᠲᠡᠦᠬᠡᠳ᠋ᠦ ᠠᠮᠵᠢᠯᠳ᠋ᠡ ᠪᠠ ᠲᠡᠦᠬᠡᠳ᠋ᠦ ᠬᠤᠪᠢᠰᠤᠯᠳ᠋ᠠ》ᠵᠢᠨ ᠲᠤᠤᠷ ᠰᠦ᠋ᠯᠵᠢᠶᠡᠨ ᠤ ᠬᠢᠴᠢᠶᠡᠯ ᠢ ᠦᠵᠡᠵᠦ᠂ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠤᠷᠤᠯᠴᠠᠪᠠ᠃

       
               ᠲᠠᠢ᠌ᠯᠦᠮᠵᠢ ᠨᠢ ᠭᠤᠤᠯᠳ᠋ᠠᠭᠤ ᠨᠠᠮ ᠤᠨ ᠠᠷᠪᠠᠨ ᠨᠢ᠋ᠮᠠᠳ᠋ᠤᠭᠠᠷ ᠬᠤᠷᠠᠯ ᠡᠴᠡ ᠨᠠᠰᠢ ᠤᠯᠤᠭᠰᠠᠨ ᠲᠡᠦᠬᠡᠳ᠋ᠦ ᠠᠮᠵᠢᠯᠳ᠋ᠡ ᠪᠠ ᠬᠤᠪᠢᠷᠠᠯᠳ᠋ᠡ ᠶᠢᠨ ᠴᠠᠭ ᠦᠶ᠎ᠠ ᠶᠢᠨ ᠠᠬᠤᠢ ᠪᠠᠢ᠌ᠳ᠋ᠠᠯ᠂ ᠠᠮᠵᠢᠯᠳ᠋ᠡ ᠪᠠ ᠬᠤᠪᠢᠷᠠᠯᠳ᠋ᠡ ᠶᠢ ᠶᠠᠭᠠᠬᠢᠵᠦ ᠵᠦ᠋ᠪ ᠤᠨᠤᠪᠴᠢᠳ᠋ᠠᠢ ᠪᠠᠷ ᠲᠠᠨᠢᠬᠤ ᠪᠠ ᠪᠦᠬᠦ ᠲᠠᠯ᠎ᠠ ᠪᠠᠷ ᠡᠵᠡᠮᠰᠢᠬᠦ᠂ ᠤᠯᠤᠭᠰᠠᠨ ᠠᠮᠵᠢᠯᠳ᠋ᠡ ᠪᠠ ᠬᠤᠪᠢᠰᠤᠯᠳ᠋ᠠ ᠶᠢᠨ ᠰᠢᠯᠳ᠋ᠠᠭᠠᠨ ᠪᠠ ᠲᠤᠷᠰᠢᠯᠭ᠎ᠠ ᠵᠡᠷᠭᠡ ᠭᠤᠷᠪᠠᠨ ᠲᠠᠯ᠎ᠠ ᠪᠠᠷ ᠭᠦᠨᠵᠡᠭᠡᠢ ᠲᠤᠭᠠᠴᠢᠨ ᠦᠭᠦᠯᠠᠵᠠᠢ᠃

       
               ᠰᠤᠷᠤᠯᠴᠠᠬᠤ ᠪᠠᠷ ᠲᠠᠮᠵᠢᠨ᠂ ᠪᠦᠬᠦ ᠨᠠᠮ ᠤᠨ ᠭᠡᠰᠢᠭᠦᠨ ᠺᠠᠳ᠋ᠷᠴᠤᠳ ᠵᠠᠭᠤᠨ ᠵᠢᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠮᠳ᠋ᠠ ᠡᠴᠡ ᠤᠭ ᠰᠠᠨᠠᠭ᠎ᠠ  ᠪᠠ ᠬᠦᠴᠦᠨ ᠴᠢᠳ᠋ᠠᠯ ᠤᠯᠵᠤ ᠢᠳ᠋ᠡᠭᠡᠯ ᠵᠤᠷᠢᠭ ᠶᠢᠡᠨ ᠤᠯᠠᠮ ᠨᠢᠭᠡ ᠠᠯᠬᠤᠮ ᠪᠠᠳ᠋ᠤᠳᠬᠠᠨ᠂ ᠲᠡᠦᠬᠡ ᠶᠢᠨ ᠬᠠᠷᠠᠴᠠ ᠪᠠᠨ ᠦᠷᠭᠡᠳᠭᠡᠵᠦ᠂ ᠴᠠᠭ ᠦᠶ᠎ᠠ ᠶᠢᠨ ᠵᠤᠷᠢᠭ ᠰᠠᠨᠠᠭ᠎ᠠ ᠶᠢ ᠡᠭᠦᠷᠭᠡᠯᠡᠨ᠂ ᠰᠤᠶᠤᠯ ᠤᠨ ᠬᠦᠴᠦᠨ ᠢ ᠢᠯᠡᠷᠡᠭᠦᠯᠬᠦ ᠶᠢᠨ ᠬᠠᠮᠳ᠋ᠤ ᠤᠭ ᠰᠠᠨᠠᠭ᠎ᠠ ᠪᠠᠨ ᠦᠯᠦ ᠮᠠᠷᠳ᠋ᠠᠵᠤ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠪᠢᠰᠬᠠᠯ ᠤᠨ ᠵᠤᠷᠢᠭ ᠰᠠᠨᠠᠭ᠎ᠠ ᠶᠢ ᠪᠠᠷᠢᠮᠳ᠋ᠡᠯᠠᠨ ᠪᠠᠳ᠋ᠠᠷᠠᠭᠤᠯᠵᠤ᠂ ᠬᠤᠪᠢ ᠪᠡᠶ᠎ᠠ ᠶᠢᠨ ᠦᠵᠡᠯ ᠰᠠᠨᠠᠭ᠎ᠠ ᠤᠯᠤᠰ ᠲᠦ᠋ᠷᠦ ᠶᠢᠨ ᠬᠡᠪ ᠰᠤᠷᠳ᠋ᠠᠯ ᠢ ᠤᠯᠠᠮ ᠨᠢᠭᠡ ᠠᠯᠬᠤᠮ ᠴᠢᠩᠭ᠋ᠠᠳᠬᠠᠨ᠂ ᠬᠤᠪᠢᠰᠬᠠᠯ ᠤᠨ ᠤᠯᠠᠮᠵᠢᠯᠠᠯ ᠤᠨ ᠵᠤᠷᠢᠭ ᠰᠠᠨᠠᠭ᠎ᠠ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠡᠨ ᠪᠠᠳ᠋ᠤ ᠴᠡᠭᠡᠵᠢᠯᠡᠨ᠂ ᠠᠵᠢᠯ ᠦᠢᠯᠡᠰ ᠡᠭᠦᠳ᠋ᠦᠨ ᠪᠦᠳ᠋ᠦᠭᠡᠬᠦ ᠬᠦᠳ᠋ᠡᠯᠭᠡᠬᠦ ᠬᠦᠴᠦᠨ ᠪᠤᠯᠭᠠᠨ ᠬᠤᠪᠢᠷᠠᠭᠤᠯᠵᠤ᠂ ᠨᠡᠩ ᠬᠡᠭᠦᠳ᠋ᠡᠭ᠌ ᠲᠦ᠋ᠭᠦᠷᠡᠩ ᠵᠤᠷᠢᠭ ᠰᠠᠨᠠᠭ᠎ᠠ ᠪᠠᠷ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠦᠨᠳ᠋ᠦᠷ ᠴᠢᠨᠰᠠᠭ᠎ᠠ ᠲᠡᠶ ᠬᠦᠭ᠍ᠵᠢᠯᠳ᠋ᠡ ᠳᠤ ᠠᠷᠠᠳ ᠤᠨ ᠲᠦ᠋ᠯᠦᠭᠡᠯᠡᠭ᠍ᠴᠢᠳ ᠤᠨ ᠤᠶᠤᠨ ᠴᠢᠳ᠋ᠠᠯ ᠶᠢᠡᠨ ᠡᠷᠭᠦᠨ᠎ᠠ ᠭᠡᠵᠦ ᠢᠯᠡᠳᠭᠡᠵᠡᠭᠡᠪᠡ᠃

       
               ᠬᠤᠷᠠᠯ ᠲᠡᠭᠡᠷ᠎ᠠ ᠪᠠᠰᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠤᠳ᠋ᠤᠷᠢᠳᠬᠤ ᠲᠤᠭᠤᠢ᠌ᠯᠠᠩ ᠤᠨ ᠲᠠᠮᠵᠢᠭᠤᠯᠤᠨ ᠲᠠᠷᠬᠠᠭᠠᠭᠰᠠᠨ《ᠲᠦ᠋ᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠤᠳ᠋ᠤᠷᠢᠳᠬᠤ ᠲᠤᠭᠤᠢ᠌ᠯᠠᠩ ᠤᠨ ᠶᠡᠷᠦᠩᠬᠡᠢ ᠱᠦ᠋ᠵᠢ ᠰᠢ ᠵᠢᠨ ᠫᠢᠩ ᠤᠨ  ︿ᠤᠭ ᠰᠠᠨᠠᠭ᠎ᠠ ᠪᠠᠨ ᠦᠯᠦ ᠮᠠᠷᠳ᠋ᠠᠨ᠂ ᠡᠭᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠬᠦ〉ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠡᠦᠬᠡ ᠵᠢᠨ ᠦᠵᠡᠭᠦᠯᠦᠯᠭᠡ ᠶᠢ ᠲᠤᠭᠤᠷᠢᠨ ᠦᠵᠡᠬᠦ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳ᠋ᠡᠭ᠍ᠳ᠋ᠡᠯ》᠂ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠤᠯᠤᠰ ᠲᠦ᠋ᠷᠦ ᠶᠢᠨ ᠲᠤᠪᠴᠢᠶᠠᠨ ᠤ ᠭᠤᠴᠢᠨ ᠨᠢᠭᠡᠳ᠋ᠦᠭᠡᠷ  ᠤᠳ᠋ᠠᠭᠠᠨ ᠤ ᠲᠦ᠋ᠪᠯᠡᠷᠡᠨ ᠰᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠠᠯᠪᠠᠳ᠋ᠠᠨ ᠤ ᠬᠠᠦᠯᠢ》ᠵᠢ ᠤᠯᠠᠮᠵᠢᠯᠡᠨ ᠰᠤᠷᠤᠯᠴᠠᠪᠠ᠃  (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ