ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤ ᠪᠠ ᠦᠯᠵᠡᠢ᠌ᠮᠦ᠋ᠷᠡᠨ ᠰᠤᠮᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠪᠠᠢ᠌ᠴᠠᠭᠠᠨ ᠵᠢᠯᠤᠭᠤᠳ᠋ᠤᠪᠠ

7 ᠰᠠᠷ᠎ᠠ ᠶᠢᠨ 13᠊ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤ ᠪᠠ ᠦᠯᠵᠡᠢ᠌ᠮᠦ᠋ᠷᠡᠨ ᠰᠤᠮᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠲᠠᠬᠢᠨᠳ᠋ᠠ ᠲᠤᠬᠢᠷᠠᠭᠤᠯᠤᠨ ᠪᠠᠢ᠌ᠷᠢᠯᠠᠭᠤᠯᠪᠠ᠃


ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠦᠶᠡᠷ ᠢ ᠰᠡᠷᠭᠡᠢ᠌ᠯᠡᠬᠦ ᠭᠤᠤᠯᠳ᠋ᠠᠯᠭ᠎ᠠ ᠲᠡᠶ ᠤᠷᠤᠨ ᠪᠠ ᠡᠪᠳ᠋ᠡᠭ᠍ᠳ᠋ᠡᠭ᠍ᠰᠡᠨ ᠵᠠᠰᠠᠮᠠᠯ ᠵᠠᠮ ᠤᠨ ᠬᠡᠰᠡᠭ᠌ ᠲᠤ ᠬᠦᠷᠴᠦ᠂ ᠭᠠᠮᠰᠢᠭ ᠤᠨ ᠪᠠᠢ᠌ᠳ᠋ᠠᠯ ᠪᠠ ᠠᠶᠤᠯ ᠲᠦ᠋ᠭ᠍ᠰᠢᠭᠦᠷᠢ ᠶᠢ ᠠᠷᠢᠯᠭᠠᠬᠤ ᠠᠵᠢᠯ ᠤᠨ ᠠᠬᠢᠴᠡ ᠶᠢᠨ ᠪᠠᠢ᠌ᠳ᠋ᠠᠯ ᠢ ᠤᠢ᠌ᠯᠠᠭᠠᠭᠰᠠᠨ ᠤ ᠲᠠᠷᠠᠭ᠎ᠠ᠂ ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠪᠠᠴᠢᠮ ᠪᠠᠢ᠌ᠳ᠋ᠠᠯ ᠢ ᠠᠷᠭᠠᠴᠠᠬᠤ᠂ ᠤᠰᠤᠨ ᠤ ᠶᠠᠪᠤᠳ᠋ᠠᠯ᠂ ᠵᠠᠮ ᠬᠠᠷᠢᠯᠴᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦ᠋ᠴᠢᠷ ᠲᠡᠶ ᠢᠳ᠋ᠡᠪᠬᠢᠳ᠋ᠠᠢ ᠬᠠᠷᠢᠯᠴᠡᠨ᠂ ᠡᠪᠳ᠋ᠡᠭ᠍ᠳ᠋ᠡᠭ᠍ᠰᠡᠨ ᠵᠠᠰᠠᠮᠠᠯ ᠵᠠᠮ ᠢ ᠰᠡᠷᠭᠦᠭᠡᠨ ᠨᠡᠪᠳ᠋ᠡᠷᠡᠭᠡᠬᠦ ᠠᠵᠢᠯ ᠢ ᠡᠮᠬᠢ ᠵᠢᠷᠤᠮ ᠲᠡᠶ ᠶᠠᠪᠤᠭᠳ᠋ᠠᠭᠤᠯᠵᠤ᠂ ᠰᠢᠨᠵᠢᠯᠡᠬᠦ ᠤᠬᠠᠭᠠᠨᠴᠢ ᠪᠠᠷ ᠠᠶᠤᠯ ᠲᠦ᠋ᠭ᠍ᠰᠢᠭᠦᠷᠢ ᠡᠴᠡ ᠠᠪᠤᠷᠠᠬᠤ ᠬᠦᠮᠦᠰ᠂ ᠲᠦ᠋ᠬᠦᠭᠡᠷᠦᠮᠵᠢ ᠪᠠ ᠪᠤᠳ᠋ᠠᠰ ᠢ ᠵᠤᠬᠢᠶᠠᠨ ᠪᠠᠢ᠌ᠭᠤᠯᠵᠤ᠂ ᠭᠠᠮᠰᠢᠭ ᠡᠴᠡ ᠠᠪᠤᠷᠠᠬᠤ ᠠᠬᠢᠴᠡ ᠶᠢ ᠤᠯᠠᠮ ᠨᠢᠭᠡ ᠠᠯᠬᠤᠮ ᠲᠦ᠋ᠷᠭᠡᠳᠭᠡᠨ᠂ ᠡᠪᠳ᠋ᠡᠭ᠍ᠳ᠋ᠡᠭ᠍ᠰᠡᠨ ᠵᠠᠰᠠᠮᠠᠯ ᠵᠠᠮ ᠢ ᠲᠠᠷᠤᠢ ᠲᠦ᠋ᠷᠭᠡᠨ ᠰᠡᠷᠭᠦᠭᠡᠵᠦ ᠲᠡᠷᠭᠡ ᠨᠡᠪᠳ᠋ᠡᠷᠡᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃

ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤ ᠪᠠ ᠦᠯᠵᠡᠢ᠌ᠮᠦ᠋ᠷᠡᠨ ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠬᠦᠮᠦᠨ ᠶᠢᠡᠷ ᠦᠨᠳ᠋ᠦᠰᠦ ᠪᠤᠯᠭᠠᠨ᠂ ᠠᠮᠢ ᠨᠠᠰᠤ ᠶᠢ ᠲᠡᠭᠡᠳ᠋ᠦᠯᠡᠬᠦ ᠦᠵᠡᠯ ᠰᠠᠨᠠᠭ᠎ᠠ ᠶᠢ ᠪᠠᠳ᠋ᠤᠳᠬᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳ᠋ᠤᠨ ᠤ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠠᠷᠠᠳ ᠲᠦ᠋ᠮᠡᠨ ᠤ ᠠᠮᠢ ᠨᠠᠰᠤ ᠠᠮᠤᠷ ᠲᠦ᠋ᠪᠰᠢᠨ ᠢ ᠲᠡᠷᠢᠭᠦᠨ ᠪᠠᠢ᠌ᠷᠢᠨ ᠳᠤ ᠲᠠᠯᠪᠢᠵᠤ᠂ ᠦᠶᠡᠷ ᠢ ᠰᠡᠷᠭᠡᠢ᠌ᠯᠡᠬᠦ ᠠᠵᠢᠯ ᠤᠨ ᠡᠯ᠎ᠠ ᠠᠷᠭ᠎ᠠ ᠠᠪᠴᠠᠯ ᠢ ᠯᠠᠪᠳ᠋ᠠᠭᠤᠨ ᠪᠠᠳ᠋ᠤᠳ᠋ᠠᠢ ᠲᠤᠭᠤᠰᠢᠯᠠᠭᠤᠯᠵᠤ᠂ ᠰᠡᠷᠡᠮᠵᠢ ᠪᠠᠨ ᠲᠡᠭᠡᠭ᠍ᠰᠢᠯᠡᠭᠦᠯᠦᠨ᠂ ᠭᠤᠷᠢᠳ᠋ᠠᠬᠤ ᠰᠡᠳᠭᠢᠯᠭᠡ ᠪᠠ ᠲᠠᠢ᠌ᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂ ᠶᠡᠬᠡ ᠪᠤᠷᠤᠭᠠᠨ ᠤ ᠦᠶᠡᠷ ᠢ ᠰᠡᠷᠭᠡᠢ᠌ᠯᠡᠬᠦ ᠪᠡᠯᠡᠳᠭᠡᠯ ᠠᠵᠢᠯ ᠢ ᠰᠠᠢ᠌ᠳ᠋ᠤᠷ ᠬᠢᠵᠦ᠂ ᠦᠶᠡᠷ ᠢ ᠰᠡᠷᠭᠡᠢ᠌ᠯᠡᠬᠦ ᠠᠵᠢᠯ ᠤᠨ ᠪᠠᠴᠢᠮ ᠲᠦ᠋ᠷᠦᠭ᠍ᠳ᠋ᠡᠯ ᠪᠠ ᠬᠠᠷᠢᠭᠤᠴᠠᠯᠭᠠᠳ᠋ᠤ ᠰᠡᠳᠭᠢᠯᠭᠡ ᠶᠢ ᠯᠠᠪᠳ᠋ᠠᠭᠤᠨ ᠪᠠᠳ᠋ᠤᠳ᠋ᠠᠢ ᠴᠢᠩᠭ᠋ᠠᠳᠬᠠᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠯᠸᠢ ᠫᠠᠩ)