ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠵᠢᠷᠦᠬᠡ ᠪᠠᠯᠭᠠᠰᠤᠨ ᠳᠤ ᠬᠦᠷᠴᠦ᠁
ᠡᠦ ᠴᠢᠩ ᠬᠠᠢ ᠵᠢᠷᠦᠬᠡ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ

         7 ᠰᠠᠷ᠎ᠠ ᠶᠢᠨ 21 ᠊ᠦ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠵᠢᠷᠦᠬᠡ ᠪᠠᠯᠭᠠᠰᠤᠨ ᠳᠤ ᠭᠦᠨᠵᠡᠭᠡᠢ᠌ᠷᠡᠨ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠪᠠᠢ᠌ᠴᠠᠭᠠᠨ ᠰᠤᠳ᠋ᠤᠯᠵᠤ ᠵᠢᠯᠤᠭᠤᠳᠪᠠ᠂ ᠵᠢᠷᠦᠬᠡ ᠪᠠᠯᠭᠠᠰᠤᠨ ᠤ ᠨᠠᠮ ᠵᠠᠰᠠᠭ ᠤᠨ ᠤᠳ᠋ᠤᠷᠢᠳᠬᠤ ᠪᠠᠭ ᠤᠨ ᠭᠡᠰᠢᠭᠦᠨ ᠪᠠᠷ᠎ᠠ ᠪᠤᠯᠵᠤ ᠪᠠᠢ᠌ᠴᠠᠭᠠᠨ ᠰᠤᠳ᠋ᠤᠯᠪᠠ᠃

         
              ᠡᠦ ᠴᠢᠩ ᠬᠠᠢ ᠨᠡᠷ ᠤᠷᠢᠳ ᠬᠤᠵᠢᠳ ᠨᠠᠮ ᠤᠨ ᠲᠤᠭ ᠤᠨ ᠬᠡᠷᠡᠮ᠂ ᠵᠢᠷᠦᠬᠡ ᠬᠤᠪᠢᠰᠬᠠᠯ ᠤᠨ ᠲᠡᠦᠬᠡ ᠶᠢᠨ ᠮᠦ᠋ᠽᠸᠢ᠂ ᠬᠤᠪᠢᠰᠬᠠᠯ ᠤᠨ ᠦᠷᠡᠭ᠍ᠳ᠋ᠡᠭ᠍ᠰᠡᠨ ᠪᠠᠭᠠᠳ᠋ᠤᠷᠴᠤᠳ ᠤᠨ ᠪᠤᠩᠬᠤᠨ ᠤ ᠬᠦᠷᠢᠶᠡᠯᠡᠩ᠂ ᠵᠠᠷᠤᠳ ᠬᠤᠰᠢᠭᠤᠨ ᠤ ᠪᠡᠭᠡᠵᠢᠩ ᠤᠨ ᠰᠡᠭᠡᠭᠡᠳ᠋ᠡᠨ ᠵᠠᠯᠠᠭᠤᠴᠤᠳ ᠤᠨ ᠲᠤᠷᠠᠰᠬᠠᠯ ᠤᠨ ᠤᠷᠳ᠋ᠤᠨ᠂ ᠰᠢᠶᠠᠩ ᠿᠦ᠋ᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᡁᠢ ᠰᠢᠩ ᠲᠤᠰᠬᠤᠨ ᠤ ᠢᠦᠢ ᠹᠸᠢ ᠬᠠᠳᠬᠤᠮᠠᠯᠴᠢᠨ ᠪᠦᠰᠡᠭᠦᠢ ᠶᠢᠨ ᠭᠠᠷ ᠤᠷᠠᠯᠠᠯ ᠤᠨ ᠲᠤᠰᠬᠠᠢ ᠬᠣᠷᠰᠢᠶᠠᠵᠢᠯ᠂ ᠰᠢᠩ ᠯᠦ᠋ᠩ ᠳ᠋ᠢ ᠲᠤᠰᠬᠤᠨ ᠤ ᠭᠦᠢᠯᠡᠰᠦᠨ ᠠᠵᠤ ᠦᠢᠯᠡᠰ ᠤᠨ ᠰᠠᠭᠤᠷᠢᠨ ᠭᠠᠵᠠᠷ ᠲᠤ ᠬᠦᠷᠴᠦ ᠪᠠᠢ᠌ᠴᠠᠭᠠᠨ ᠰᠤᠳ᠋ᠤᠯᠵᠤ᠂ ᠵᠢᠷᠦᠬᠡ ᠪᠠᠯᠭᠠᠰᠤᠨ ᠤ ᠠᠵᠤ ᠦᠢᠯᠡᠰ ᠤᠨ ᠬᠦᠭ᠍ᠵᠢᠯᠳ᠋ᠡ ᠶᠢᠨ ᠪᠠᠢ᠌ᠳ᠋ᠠᠯ ᠪᠠ ᠬᠤᠪᠢᠰᠬᠠᠯᠳ᠋ᠤ ᠰᠤᠶᠤᠯ ᠤᠨ ᠡᠬᠢ ᠪᠠᠶᠠᠯᠢᠭ ᠢ ᠠᠰᠢᠭᠯᠠᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠵᠢᠷᠦᠬᠡ ᠪᠠᠯᠭᠠᠰᠤᠨ ᠤ ᠲᠠᠷᠠᠭᠠᠴᠢ ᠶᠢᠨ ᠠᠯᠬᠤᠮ ᠤᠨ ᠠᠵᠢᠯ ᠳᠤ ᠪᠤᠳ᠋ᠠᠳ᠋ᠠᠢ ᠰᠠᠨᠠᠯ ᠲᠤᠷᠠᠳ᠋ᠤᠪᠠ᠃

         
              ᠡᠦ ᠴᠢᠩ ᠬᠠᠢ᠂ ᠵᠢᠷᠦᠬᠡ ᠪᠠᠯᠭᠠᠰᠤ ᠪᠤᠯ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠠᠢ᠌ᠵᠤ᠂ ᠭᠡᠷᠡᠯ ᠰᠠᠴᠣᠷᠠᠩᠭ᠋ᠤᠢ ᠬᠤᠪᠢᠰᠬᠠᠯ ᠤᠨ ᠤᠯᠠᠮᠵᠢᠯᠠᠯ ᠲᠡᠶ ᠮᠦ᠋ᠷᠳ᠋ᠡᠭᠡᠨ ᠡᠯᠪᠡᠭ᠌ ᠪᠠᠶᠠᠯᠢᠭ ᠬᠤᠪᠢᠰᠬᠠᠯ ᠤᠨ ᠡᠬᠢ ᠪᠠᠶᠠᠯᠢᠭ ᠲᠡᠶ ᠶᠤᠮ᠃ ᠵᠢᠷᠦᠬᠡ ᠪᠠᠯᠭᠠᠰᠤ ᠬᠤᠪᠢᠰᠬᠠᠯ ᠤᠨ ᠡᠬᠢ ᠪᠠᠶᠠᠯᠢᠭ ᠶᠢᠡᠨ ᠭᠦᠢᠴᠡᠳ ᠠᠰᠢᠭᠯᠠᠨ᠂ ᠬᠤᠪᠢᠰᠬᠠᠯ ᠤᠨ ᠭᠧᠨ ᠢ ᠰᠠᠢ᠌ᠳ᠋ᠤᠷ ᠤᠯᠠᠮᠵᠢᠯᠠᠵᠤ᠂ ᠦᠪᠡᠷᠮᠢᠴᠡ ᠤᠨᠴᠠᠯᠢᠭ ᠲᠡᠶ ᠬᠤᠪᠢᠰᠬᠠᠯ ᠤᠨ ᠵᠤᠭᠠᠴᠡᠯ ᠰᠤᠶᠤᠯ ᠤᠨ ᠰᠠᠭᠤᠷᠢᠨ ᠭᠠᠵᠠᠷ ᠢ ᠪᠠᠢ᠌ᠭᠤᠯᠤᠨ᠂ ᠬᠤᠪᠢᠰᠬᠠᠯ ᠤᠨ ᠡᠬᠢ ᠪᠠᠶᠠᠯᠢᠭ ᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠬᠦᠴᠦᠷᠬᠡᠭ᠌ ᠶᠡᠬᠡ ᠬᠦᠳ᠋ᠡᠯᠭᠡᠬᠦ ᠬᠦᠴᠦᠨ ᠪᠤᠯᠭᠠᠨ ᠬᠤᠪᠢᠷᠠᠭᠤᠯᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃

         

        ᠰᠢᠶᠠᠩ ᠿᠦ᠋ᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠢ ᠪᠠᠢ᠌ᠴᠠᠭᠠᠨ ᠰᠤᠳ᠋ᠤᠯᠬᠤ ᠦᠶᠡᠰ᠂ ᠡᠦ ᠴᠢᠩ ᠬᠠᠢ ᠬᠤᠷᠰᠢᠶᠠᠵᠢᠯ ᠤᠨ ᠬᠦᠷᠢᠶ᠎ᠠ ᠬᠡᠪᠴᠢᠶ᠎ᠠ᠂ ᠦᠢᠯᠡᠳᠪᠦᠷᠢᠯᠡᠯ ᠡᠵᠡᠭ᠍ᠨᠡᠯᠳ᠋ᠡ ᠵᠢᠴᠢ ᠤᠯᠠᠨ ᠲᠦ᠋ᠮᠡᠨ ᠢ ᠲᠠᠭᠠᠭᠤᠯᠤᠨ ᠤᠷᠤᠯᠭ᠎ᠠ ᠨᠡᠮᠡᠭ᠍ᠳ᠋ᠡᠭᠦᠯᠦᠭ᠍ᠰᠡᠨ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠮᠠᠯ ᠤᠨ ᠬᠢᠵᠢᠭ᠌ ᠢ ᠰᠡᠷᠭᠡᠢ᠌ᠯᠡᠬᠦ ᠠᠵᠢᠯ ᠢ ᠰᠠᠢ᠌ᠳ᠋ᠤᠷ ᠬᠢᠵᠦ᠂ ᠬᠦᠮᠦᠰ ᠤᠨ ᠤᠷᠤᠵᠤ ᠭᠠᠷᠬᠤ ᠶᠢ ᠴᠢᠩᠭ᠎ᠠ ᠡᠵᠡᠮᠰᠢᠨ᠂ ᠤᠷᠤᠵᠤ ᠭᠠᠷᠬᠤ ᠲᠠᠯᠠᠪᠤᠷ ᠤᠨ ᠲᠤᠭᠤᠷᠢᠭ ᠤᠨ ᠠᠷᠢᠭᠤᠭᠬᠠᠬᠤ ᠲᠦ᠋ᠭᠦᠭᠡᠷᠦᠮᠵᠢ ᠶᠢᠨ ᠪᠦᠷᠢᠨ ᠪᠦᠳ᠋ᠦᠮᠵᠢᠳ᠋ᠠᠢ ᠪᠠᠢ᠌ᠬᠤ ᠶᠢ ᠪᠠᠳ᠋ᠤᠯᠠᠵᠤ᠂ ᠲᠡᠷᠢᠭᠦᠨ ᠤ ᠭᠠᠵᠠᠷ ᠤᠷᠤᠨ ᠤ ᠠᠷᠭ᠎ᠠ ᠠᠪᠴᠠᠯ ᠢ ᠢᠳ᠋ᠡᠪᠬᠢᠳ᠋ᠠᠢ ᠰᠤᠷᠤᠯᠴᠠᠨ᠂ ᠬᠤᠷᠰᠢᠶᠠᠵᠢᠯ ᠤᠨ ᠬᠦᠭ᠍ᠵᠢᠯᠳ᠋ᠡ ᠶᠢ ᠨᠡᠩ ᠰᠢᠨᠵᠢᠯᠡᠬᠦ ᠤᠬᠠᠭᠠᠨᠴᠢᠯᠠᠬᠤ᠂ ᠪᠠᠷᠢᠮᠵᠢᠶᠠᠵᠢᠭᠤᠯᠬᠤ᠂ ᠲᠦ᠋ᠷᠢᠮᠵᠢᠭᠦᠯᠬᠦ ᠶᠢ ᠲᠡᠭᠡᠭ᠍ᠰᠢᠯᠡᠭᠦᠯᠵᠦ᠂ ᠬᠤᠷᠰᠢᠶᠠᠵᠢᠯ ᠤᠨ ᠦᠢᠯᠡᠳᠪᠦᠷᠢᠯᠡᠯ ᠤᠷᠤᠯᠭ᠎ᠠ ᠪᠠᠨ ᠨᠡᠮᠡᠭ᠍ᠳ᠋ᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃

         
               ᠪᠠᠢ᠌ᠴᠠᠭᠠᠨ ᠰᠤᠳ᠋ᠤᠯᠬᠤ ᠲᠤᠮᠳ᠋ᠠ᠂ ᠡᠦ ᠴᠢᠩ ᠬᠠᠢ᠂ ᠵᠢᠷᠦᠬᠡ ᠪᠠᠯᠭᠠᠰᠤ ᠲᠤᠰ ᠪᠡᠶ᠎ᠠ ᠶᠢᠨ ᠪᠤᠳ᠋ᠠᠳ᠋ᠠᠢ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠭᠠᠵᠠᠷ ᠤᠷᠤᠨ ᠤ ᠪᠠᠢ᠌ᠳ᠋ᠠᠯ ᠳᠤ ᠪᠠᠨ ᠲᠤᠬᠢᠷᠠᠭᠤᠯᠤᠨ᠂ ᠲᠤᠰᠬᠤᠨ ᠤ ᠪᠠᠢ᠌ᠳ᠋ᠠᠯ ᠲᠡᠶ ᠨᠢ ᠤᠶᠠᠯᠳ᠋ᠤᠭᠤᠯᠤᠨ ᠠᠵᠤ ᠦᠢᠯᠡᠰ ᠊ᠦᠨ ᠲᠦ᠋ᠷᠦᠯ ᠵᠦ᠋ᠢᠯ ᠢ ᠰᠤᠩᠭ᠋ᠤᠵᠤ᠂ ᠤᠳ᠋ᠤ ᠪᠠᠢ᠌ᠭ᠎ᠠ ᠡᠳ᠋ ᠬᠦᠷᠦᠩᠬᠡ ᠶᠢ ᠠᠮᠢᠳ᠋ᠤᠯᠢᠭᠵᠢᠭᠤᠯᠤᠨ᠂ ᠵᠠᠬ᠎ᠠ ᠲᠡᠯᠬᠡᠭᠦᠷ ᠶᠢᠡᠷ ᠵᠢᠯᠤᠭᠤᠳ᠋ᠤᠯᠭ᠎ᠠ ᠪᠤᠯᠭᠠᠨ᠂ ᠤᠷᠳ᠋ᠤ ᠦᠷ᠎ᠠ ᠪᠦᠳ᠋ᠦᠮᠵᠢᠳ᠋ᠦ ᠠᠰᠢᠭ ᠤᠨ ᠲᠤᠭᠳ᠋ᠠᠴᠠ ᠶᠢ ᠪᠠᠢ᠌ᠭᠤᠯᠵᠤ᠂ ᠤᠯᠠᠨ ᠲᠦ᠋ᠮᠡᠨ ᠢ ᠲᠠᠭᠠᠭᠤᠯᠤᠨ ᠤᠷᠤᠯᠭ᠎ᠠ ᠵᠢ ᠨᠡᠮᠡᠭ᠍ᠳ᠋ᠡᠭᠦᠯᠦᠨ ᠪᠠᠶᠠᠵᠢᠨ ᠴᠢᠨᠡᠭᠡᠯᠢᠭ᠍ᠵᠢᠭᠦᠯᠵᠦ᠂ ᠶᠠᠳ᠋ᠠᠭᠤ ᠡᠴᠡ ᠠᠩᠬᠢᠵᠢᠷᠠᠬᠤ ᠪᠤᠭᠤᠮᠳ᠋ᠠ ᠰᠢᠪᠳ᠋ᠤᠯᠬᠤ ᠦᠷ᠎ᠠ ᠪᠦᠳ᠋ᠦᠭᠡᠯ ᠢ ᠲᠠᠰᠤᠷᠠᠯᠳ᠋ᠠ ᠦᠭᠡᠶ ᠪᠠᠳ᠋ᠤᠳᠬᠠᠨ ᠦᠷᠭᠡᠳᠭᠡᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠠᠬᠢᠭᠤᠯᠬᠤ ᠶᠢᠨ ᠬᠠᠮᠳ᠋ᠤ ᠠᠵᠤ ᠠᠬᠤᠢ᠌ᠯᠠᠯ ᠤᠨ ᠠᠵᠤ ᠦᠢᠯᠡᠰ ᠤᠨ ᠡᠵᠡᠭ᠍ᠨᠡᠯᠳ᠋ᠡ ᠢ ᠬᠠᠪᠰᠤᠷᠤᠨ ᠲᠡᠮᠵᠢᠵᠤ ᠵᠢᠯᠤᠭᠤᠳᠬᠤ ᠶᠢ ᠴᠢᠩᠭ᠋ᠠᠳᠬᠠᠨ᠂ ᠲᠡᠳ᠋ᠡᠨᠤᠰ ᠢ ᠬᠠᠪᠰᠤᠷᠤᠨ ᠬᠦᠭ᠍ᠵᠢᠯᠳ᠋ᠡ ᠶᠢᠨ ᠲᠦ᠋ᠯᠦᠪᠯᠡᠯᠭᠡ ᠲᠤᠭᠳ᠋ᠠᠭᠠᠵᠤ᠂ ᠵᠠᠬ᠎ᠠ ᠲᠡᠯᠭᠡᠭᠦᠷ ᠤᠨ ᠪᠤᠷᠤᠯᠠᠭᠤᠯᠤᠯᠳ᠋ᠠ ᠶᠢ ᠦᠷᠭᠡᠳᠭᠡᠨ᠂ ᠠᠵᠤ ᠠᠬᠤᠢ᠌ᠯᠠᠯ ᠳᠤ ᠠᠰᠢᠭᠳ᠋ᠠᠢ᠂ ᠬᠠᠮᠳ᠋ᠤ ᠨᠡᠢ᠌ᠳ᠋ᠡ ᠳᠤ ᠠᠰᠢᠭᠳ᠋ᠠᠢ᠂ ᠤᠯᠠᠨ ᠲᠦ᠋ᠮᠡᠨ ᠳᠤ ᠠᠰᠢᠭᠳ᠋ᠠᠢ ᠪᠠᠢ᠌ᠬᠤ ᠶᠢ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤ ᠪᠠ ᠦᠯᠵᠡᠢ᠌ᠮᠦ᠋ᠷᠡᠨ ᠰᠤᠮᠤᠨ ᠳᠤ ᠬᠦᠷᠴᠦ ᠦᠶᠡᠷ ᠢ ᠰᠡᠷᠭᠡᠢ᠌ᠯᠡᠬᠦ ᠠᠵᠢᠯ ᠢ ᠪᠠᠢ᠌ᠴᠠᠭᠠᠨ ᠵᠢᠯᠤᠭᠤᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠶᠡᠷ ᠢ ᠰᠡᠷᠭᠡᠢ᠌ᠯᠡᠬᠦ ᠠᠵᠢᠯ ᠢ ᠲᠤᠭᠤᠷᠢᠨ ᠪᠠᠢ᠌ᠴᠠᠭᠠᠪᠠ