ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠦᠶᠡᠷ ᠢ ᠰᠡᠷᠭᠡᠢ᠌ᠯᠡᠬᠦ ᠠᠵᠢᠯ ᠢ ᠲᠤᠭᠤᠷᠢᠨ ᠪᠠᠢ᠌ᠴᠠᠭᠠᠪᠠ

         
            7 ᠰᠠᠷ᠎ᠠ ᠶᠢᠨ 25 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ  ᠪᠤᠯᠤᠨ ᠦᠨᠳ᠋ᠦᠰᠦᠳ᠋ᠡᠨ ᠤ ᠶᠠᠪᠤᠳ᠋ᠠᠯ ᠤᠨ ᠵᠦ᠋ᠪᠯᠡᠯ ᠬᠠᠮᠳ᠋ᠤᠷᠠᠭᠰᠠᠨ ᠦᠶᠡᠷ ᠢ ᠰᠡᠷᠭᠡᠢ᠌ᠯᠡᠬᠦ ᠲᠤᠭᠤᠷᠢᠨ ᠪᠠᠢ᠌ᠴᠠᠭᠠᠬᠤ ᠲᠤᠭᠤᠢ᠌ᠯᠠᠩ᠂ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠦᠨᠳ᠋ᠦᠷᠬᠠᠳ᠋ᠠ ᠭᠠᠴᠠᠭ᠎ᠠ᠂ ᠪᠠᠶᠠᠷᠳ᠋ᠤᠬᠤᠰᠢᠭᠤ ᠭᠠᠴᠠᠭ᠎ᠠ᠂ ᠬᠤᠪᠤᠯᠳ᠋ᠤ ᠭᠠᠴᠠᠭ᠎ᠠ᠂ ᠲᠦ᠋ᠷᠪᠡᠯᠵᠢ ᠭᠠᠴᠠᠭ᠎ᠠ᠂ ᠡᠮᠦᠨ᠎ᠠ ᠰᠠᠯᠠᠭ᠎ᠠ ᠭᠠᠴᠠᠭᠠᠨ ᠤ ᠪᠠᠢ᠌ᠭᠠᠯᠯᠢᠭ ᠲᠤᠰᠬᠤᠨ ᠤ ᠠᠶᠤᠯ ᠲᠦ᠋ᠭ᠍ᠰᠢᠭᠦᠷᠢᠳ᠋ᠠᠢ ᠬᠡᠰᠡᠭ᠌ ᠪᠠ ᠭᠠᠢ ᠭᠠᠮᠰᠢᠭ ᠶᠢ ᠭᠤᠤᠯᠳ᠋ᠠᠯᠭ᠎ᠠ ᠲᠡᠶ ᠰᠡᠷᠭᠡᠢ᠌ᠯᠡᠬᠦ ᠤᠷᠤᠨ ᠳᠤ ᠬᠦᠷᠴᠦ᠂ ᠪᠠᠶᠠᠷᠳ᠋ᠤᠬᠤᠰᠢᠭᠤ ᠪᠠᠯᠭᠠᠰᠤᠨ ᠤ ᠪᠤᠷᠤᠭᠠᠨ ᠤ ᠪᠠᠢ᠌ᠳ᠋ᠠᠯ ᠦᠶᠡᠷ ᠤᠨ ᠪᠠᠢ᠌ᠳ᠋ᠠᠯ ᠭᠠᠮᠰᠢᠭ ᠤᠨ ᠪᠠᠢ᠌ᠳ᠋ᠠᠯ᠂ ᠵᠢᠵᠢᠭ᠌ ᠤᠷᠤᠰᠬᠠᠯ ᠤᠨ ᠠᠭᠤᠯᠠᠨ ᠦᠶᠡᠷ ᠢ ᠰᠡᠷᠭᠡᠢ᠌ᠯᠡᠬᠦ ᠠᠷᠭ᠎ᠠ ᠠᠪᠴᠠᠯ ᠢ ᠲᠤᠭᠤᠰᠢᠯᠠᠭᠤᠯᠤᠭᠰᠠᠨ ᠪᠠᠢ᠌ᠳ᠋ᠠᠯ ᠪᠠ ᠰᠢᠪᠠᠷ ᠴᠢᠯᠠᠭᠤᠨ ᠤᠷᠤᠰᠬᠠᠯ᠂ ᠠᠭᠤᠯᠠ ᠶᠡᠭᠦᠷᠡᠬᠦ᠂ ᠵᠠᠮ ᠶᠡᠭᠦᠷᠡᠬᠦ ᠵᠡᠷᠭᠡ ᠪᠠᠢ᠌ᠳ᠋ᠠᠯ ᠢ ᠨᠠᠷᠢᠨ ᠬᠢᠨᠠᠮᠠᠭᠠᠢ ᠪᠠᠢ᠌ᠴᠭᠠᠨ᠂ ᠦᠶᠡᠷ ᠢ ᠰᠡᠷᠭᠡᠢ᠌ᠯᠡᠬᠦ ᠪᠤᠳ᠋ᠠᠰ ᠤᠨ ᠨᠦ᠋ᠭᠡᠴᠡ ᠭᠦᠢᠴᠡᠳ ᠪᠠᠢ᠌ᠬᠤ ᠡᠰᠡᠬᠦ᠂ ᠭᠤᠤᠯ ᠤᠨ ᠦᠶᠡᠷ ᠶᠠᠪᠤᠭᠤᠯᠬᠤ ᠵᠠᠮ ᠤᠨ ᠭᠦᠢᠴᠡᠳ ᠨᠡᠪᠳ᠋ᠡᠷᠡᠭ᠍ᠰᠡᠨ ᠡᠰᠡᠭᠦ᠂ ᠵᠢᠵᠢᠭ᠌ ᠨᠠᠭᠤᠷ ᠤᠨ ᠦᠶᠡᠷ ᠢ ᠤᠷᠤᠭᠰᠢᠳ᠋ᠠᠢ ᠭᠠᠳᠠᠭᠰᠢᠯᠠᠭᠤᠯᠬᠤ ᠡᠰᠡᠬᠦ᠂ ᠵᠢᠵᠢᠭᠦᠷᠯᠡᠵᠦ ᠪᠠᠢ᠌ᠭ᠎ᠠ ᠬᠦᠮᠦᠰ ᠤᠨ ᠠᠵᠢᠯ ᠤᠨ ᠪᠠᠢ᠌ᠷᠢ ᠳᠤ ᠪᠠᠨ ᠪᠠᠢ᠌ᠬᠤ ᠡᠰᠡᠬᠦ ᠵᠡᠷᠭᠡ ᠪᠠᠢ᠌ᠳ᠋ᠠᠯ ᠢ ᠨᠠᠷᠢᠯᠢᠭ ᠠᠰᠠᠭᠤᠬᠤ ᠶᠢᠨ ᠬᠠᠮᠳ᠋ᠤ ᠪᠠᠶᠠᠷᠳ᠋ᠤᠬᠤᠰᠢᠭᠤ ᠪᠠᠯᠭᠠᠰᠤᠨ ᠤ ᠨᠠᠮ ᠵᠠᠰᠠᠭ ᠤᠨ ᠤᠷᠳ᠋ᠤᠨ ᠤ ᠬᠠᠷᠢᠭᠤᠴᠠᠯᠭᠠᠳ᠋ᠠᠨ ᠨᠦ᠋ᠬᠦᠳ ᠪᠠ ᠲᠤᠰᠬᠤᠨ ᠳᠤ ᠰᠠᠭᠤᠵᠤ ᠪᠠᠢ᠌ᠭ᠎ᠠ ᠠᠵᠢᠯ ᠤᠨ ᠲᠤᠭᠤᠢ᠌ᠯᠠᠩ ᠤᠨ ᠬᠦᠮᠦᠰ ᠴᠠᠭ ᠲᠤᠬᠠᠢ ᠲᠤᠨᠢ ᠪᠤᠷᠤᠭᠠᠨ ᠤ ᠪᠠᠢ᠌ᠳ᠋ᠠᠯ ᠦᠶᠡᠷ ᠤᠨ ᠪᠠᠢ᠌ᠳ᠋ᠠᠯ ᠢ ᠡᠵᠡᠮᠰᠢᠨ᠂ ᠭᠠᠮᠰᠢᠭ ᠤᠨ ᠲᠠᠯᠳ᠋ᠠ ᠭᠡᠮ ᠢ ᠪᠠᠢ᠌ᠴᠠᠭᠠᠵᠤ᠂ ᠤᠯᠠᠨ ᠲᠦ᠋ᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦ᠋ᠪᠰᠢᠨ ᠳᠤ ᠬᠠᠷᠢᠭᠤᠴᠠᠬᠤ ᠤᠪᠤᠷ ᠶᠢᠡᠷ ᠦᠶᠡᠷ ᠢ ᠰᠡᠷᠭᠡᠢ᠌ᠯᠡᠨ ᠭᠠᠮᠰᠢᠭ ᠢ ᠪᠠᠭᠠᠰᠬᠠᠬᠤ ᠡᠯ᠎ᠠ ᠵᠦ᠋ᠢᠯ ᠤᠨ ᠪᠡᠯᠡᠳᠭᠡᠯ ᠠᠵᠢᠯ ᠢ ᠢᠳ᠋ᠡᠪᠬᠢᠳ᠋ᠠᠢ ᠬᠢᠵᠦ᠂ ᠭᠠᠮᠰᠢᠭ ᠢ ᠰᠡᠷᠭᠡᠢ᠌ᠯᠡᠬᠦ ᠴᠢᠳ᠋ᠠᠪᠤᠷᠢ ᠶᠢ ᠦᠨᠡᠨᠬᠦ ᠲᠡᠭᠡᠭ᠍ᠰᠢᠯᠡᠭᠦᠯᠦᠨ᠂ ᠦᠶᠡᠷ ᠢ ᠰᠡᠷᠭᠡᠢ᠌ᠯᠡᠬᠦ ᠵᠠᠩᠭᠢᠯᠠᠭ᠎ᠠ ᠶᠢᠨ ᠬᠤᠭᠤᠴᠠᠭᠠᠨ ᠤ ᠠᠮᠤᠷ ᠲᠦ᠋ᠪᠰᠢᠨ ᠪᠠᠢ᠌ᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠵᠢᠷᠦᠬᠡ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠬᠢᠨᠠᠨ ᠵᠢᠯᠤᠭᠤᠳᠪᠠ