ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠬᠢᠨᠠᠨ ᠵᠢᠯᠤᠭᠤᠳᠪᠠ

7 ᠰᠠᠷ᠎ᠠ ᠶᠢᠨ 26 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠬᠢᠨᠠᠨ ᠵᠢᠯᠤᠭᠤᠳᠪᠠ᠃

ᠡᠦ ᠴᠢᠩ ᠬᠠᠢ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠪᠠᠶᠠᠷᠳ᠋ᠤᠬᠤᠰᠢᠭᠤ ᠭᠠᠴᠠᠭ᠎ᠠ᠂ ᠬᠤᠪᠤᠯᠳ᠋ᠤ ᠭᠠᠴᠠᠭ᠎ᠠ᠂ ᠦᠨᠳ᠋ᠦᠷᠬᠠᠳ᠋ᠠ ᠭᠠᠴᠠᠭ᠎ᠠ ᠵᠡᠷᠭᠡ ᠭᠠᠵᠠᠷ ᠲᠤ ᠬᠦᠷᠴᠦ᠂ ᠪᠤᠳ᠋ᠠᠳ᠋ᠠᠢ ᠭᠠᠵᠠᠷ ᠲᠤᠨᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠬᠠᠷᠢᠭᠤ ᠮᠡᠳ᠋ᠡᠭᠦᠯᠦᠯᠳ᠋ᠡ ᠢ ᠰᠤᠨᠤᠰᠬᠤ ᠵᠡᠷᠭᠡ ᠬᠡᠯᠪᠡᠷᠢ ᠪᠠᠷ ᠪᠦᠬᠦ ᠪᠠᠯᠭᠠᠰᠤᠨ ᠤ ᠦᠶᠡᠷ ᠢ ᠰᠡᠷᠭᠡᠢ᠌ᠯᠡᠬᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠭᠦ᠂ ᠠᠶᠤᠯᠭᠦᠢ ᠦᠢᠯᠡᠳᠪᠦᠷᠢᠯᠡᠯ᠂ ᠮᠠᠯ ᠤᠨ ᠬᠢᠵᠢᠭ᠌ ᠢ ᠰᠡᠷᠭᠡᠢ᠌ᠯᠡᠨ ᠡᠵᠡᠮᠳ᠋ᠡᠬᠦ ᠵᠡᠷᠭᠡ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠬᠢᠨᠠᠨ ᠪᠠᠢ᠌ᠴᠠᠭᠠᠵᠤ ᠵᠢᠭᠠᠨ ᠵᠢᠯᠤᠭᠤᠳᠴᠦ᠂ ᠭᠤᠤᠯᠳ᠋ᠠᠯᠭ᠎ᠠ ᠲᠡᠶ ᠠᠶᠤᠯ ᠪᠠᠷᠳ᠋ᠠᠭᠠᠳ᠋ᠤ ᠪᠠᠷᠢᠯᠭ᠎ᠠ ᠶᠢᠨ ᠬᠡᠰᠡᠭ᠌ ᠤᠨ ᠰᠡᠷᠭᠡᠢ᠌ᠯᠡᠯᠳ᠋ᠡ ᠪᠠ ᠦᠶᠡᠷ ᠢ ᠰᠡᠷᠭᠡᠢ᠌ᠯᠡᠨ ᠲᠦ᠋ᠭ᠍ᠰᠢᠭᠦᠷᠢ ᠶᠢ ᠠᠷᠢᠯᠭᠠᠨ ᠪᠡᠬᠢᠵᠢᠭᠦᠯᠬᠦ ᠠᠷᠭ᠎ᠠ ᠠᠪᠴᠠᠯ ᠢ ᠪᠤᠳ᠋ᠠᠳ᠋ᠠᠢ ᠭᠠᠵᠠᠷ ᠲᠤᠨᠢ ᠬᠦᠷᠴᠦ ᠤᠢ᠌ᠯᠠᠭᠠᠪᠠ᠃

ᠡᠦ ᠴᠢᠩ ᠬᠠᠢ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠡᠭᠦᠷᠭᠡ ᠬᠠᠷᠢᠭᠤᠴᠠᠯᠭ᠎ᠠ ᠪᠠᠨ ᠲᠤᠳ᠋ᠤᠷᠬᠠᠢ᠌ᠯᠠᠨ᠂ ᠨᠢᠭᠡᠳ᠋ᠦᠯᠳ᠋ᠠᠢ ᠲᠦ᠋ᠯᠦᠪᠵᠢᠭᠦᠯᠦᠨ ᠲᠤᠬᠢᠷᠠᠭᠤᠯᠵᠤ᠂ ᠪᠦᠬᠦ ᠪᠠᠯᠭᠠᠰᠤᠨ ᠤ ᠦᠶᠡᠷ ᠢ ᠰᠡᠷᠭᠡᠢ᠌ᠯᠡᠬᠦ ᠠᠵᠢᠯ ᠢ ᠨᠢᠭᠡᠳ᠋ᠦᠯᠳ᠋ᠠᠢ ᠵᠢᠯᠤᠭᠤᠳᠴᠦ ᠠᠵᠢᠯ ᠶᠢᠡᠨ ᠬᠤᠪᠢᠶᠠᠷᠢᠯᠠᠨ ᠪᠤᠭᠤᠮᠳ᠋ᠠ ᠰᠠᠬᠢᠵᠤ᠂ ᠤᠳ᠋ᠤᠷᠢᠳᠬᠤ ᠪᠠᠭ ᠤᠨ ᠭᠡᠰᠢᠭᠦᠨ ᠪᠠ ᠪᠤᠰᠤᠳ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ ᠡᠭᠦᠷᠭᠡᠯᠡᠨ᠂ ᠱᠠᠳ᠋ᠤ ᠱᠠᠳ᠋ᠤ ᠪᠠᠷ ᠨᠠᠢ᠌ᠳ᠋ᠠᠪᠤᠷᠢᠵᠢᠭᠤᠯᠵᠤ᠂ ᠱᠠᠳ᠋ᠤ ᠱᠠᠳ᠋ᠤ ᠪᠠᠷ ᠬᠠᠷᠢᠭᠤᠴᠠᠯᠭ᠎ᠠ ᠪᠠᠨ ᠡᠭᠦᠷᠭᠡᠯᠡᠨ᠂ ᠵᠠᠰᠠᠭ ᠤᠨ ᠤᠷᠳ᠋ᠤᠨ ᠤ ᠵᠢᠯᠤᠭᠤᠳ᠋ᠤᠯᠭ᠎ᠠ ᠲᠤᠬᠢᠷᠠᠭᠤᠯᠭ᠎ᠠ ᠶᠢ ᠡᠮᠬᠢ ᠵᠢᠷᠤᠮ ᠲᠡᠶ ᠪᠠᠢ᠌ᠬᠤ ᠶᠢ ᠦᠨᠡᠨ ᠬᠦ ᠪᠠᠳ᠋ᠤᠯᠠᠬᠤ ᠬᠡᠷᠡᠭ᠍ᠳ᠋ᠠᠢ᠂ ᠡᠷᠬᠡᠪᠰᠢ ᠲᠤᠰ ᠭᠠᠵᠠᠷ ᠤᠷᠤᠨ ᠤ ᠪᠠᠨ ᠪᠤᠳ᠋ᠠᠳ᠋ᠤ ᠪᠠᠢ᠌ᠳ᠋ᠠᠯ ᠢ ᠭᠦᠨᠵᠡᠭᠡᠢ ᠤᠢ᠌ᠯᠠᠭᠠᠨ᠂ ᠤᠳ᠋ᠤᠬᠠᠨ ᠤ ᠤᠷᠤᠰᠢᠵᠤ ᠪᠠᠢ᠌ᠭ᠎ᠠ ᠠᠰᠠᠭᠤᠳ᠋ᠠᠯ ᠢ ᠰᠠᠢ᠌ᠳ᠋ᠤᠷ ᠵᠠᠳ᠋ᠠᠯᠵᠤ᠂ ᠠᠰᠠᠭᠤᠳ᠋ᠠᠯ ᠢ ᠰᠢ᠌ᠳᠪᠦᠷᠢᠯᠡᠬᠦ᠂ ᠠᠰᠠᠭᠤᠳ᠋ᠠᠯ ᠢ ᠢᠯᠡᠷᠡᠭᠦᠯᠬᠦ ᠴᠢᠳ᠋ᠠᠪᠤᠷᠢ ᠶᠢ ᠲᠡᠭᠡᠭ᠍ᠰᠢᠯᠡᠭᠦᠯᠦᠨ᠂ ᠪᠤᠰᠢᠭᠤ ᠱᠠᠯᠠᠮᠠᠭᠠᠢ ᠠᠵᠢᠯᠯᠠᠬᠤ ᠠᠵᠢᠯ ᠤᠨ ᠰᠤᠷᠳ᠋ᠠᠯ ᠪᠠᠷ ᠵᠤᠷᠢᠭᠳ᠋ᠠᠢ ᠠᠵᠢᠯᠯᠠᠨ᠂ ᠵᠤᠷᠢᠭᠳ᠋ᠠᠢ ᠡᠭᠦᠷᠭᠡᠯᠡᠵᠦ᠂ ᠦᠪᠡᠷ ᠢ ᠪᠠᠨ ᠦᠷᠡᠭ᠍ᠳ᠋ᠡᠭᠦᠯᠬᠦ ᠵᠤᠷᠢᠭ ᠰᠠᠨᠠᠭ᠎ᠠ ᠪᠠᠷ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠶᠢᠡᠨ ᠰᠠᠢ᠌ᠳ᠋ᠤᠷ ᠬᠢᠬᠦ ᠭᠡᠷᠡᠭ᠍ᠳ᠋ᠠᠢ ᠭᠡᠵᠦ ᠴᠢᠩᠭ᠋ᠠᠳᠬᠠᠪᠠ᠃


ᠡᠦ ᠴᠢᠩ ᠬᠠᠢ ᠪᠠᠰᠠ ᠪᠠᠶᠠᠷᠳ᠋ᠤᠬᠤᠰᠢᠭᠤ ᠪᠠᠯᠭᠠᠰᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠬᠠᠰᠢᠶᠠᠯᠠᠨ ᠲᠡᠵᠢᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠤᠨ ᠬᠢᠵᠢᠭ᠌ ᠡᠪᠡᠳᠴᠢᠨ ᠢ ᠰᠡᠷᠭᠡᠢ᠌ᠯᠡᠬᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠵᠤᠷᠯᠤᠩ ᠤᠨ ᠬᠤᠪᠢᠰᠬᠠᠯ᠂ ᠵᠠᠬᠢᠳ᠋ᠠᠯ ᠰᠤᠷᠪᠤᠯᠵᠢᠯᠠᠭ᠎ᠠ ᠠᠮᠤᠷ ᠲᠤᠭᠳ᠋ᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠲᠤᠰᠬᠤᠨ ᠳᠤ ᠰᠠᠭᠤᠭ᠎ᠠ ᠠᠵᠢᠯ ᠵᠡᠷᠭᠡ ᠲᠠᠯ᠎ᠠ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠴᠠᠢ᠃ (ᠯᠸᠢ ᠫᠠᠩ)