ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ᠁
ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠲᠠᠪᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ


       
          7 ᠰᠠᠷ᠎ᠠ ᠶᠢᠨ 30 ᠤ ᠡᠳ᠋ᠦᠷ᠂ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠲᠠᠪᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠷᠠᠯ ᠢ ᠡᠷᠬᠢᠯᠡᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠡᠦ ᠰᠢᠶᠤᠤ᠂ ᠪᠥ᠋ ᠮᠤᠤ ᠰᠢᠶᠠᠩ᠂ ᠦᠷᠡᠪᠠᠳ᠋ᠤ᠂ ᠰᠦ᠋ᠩ ᠯᠢᠶᠠᠨ ᠡᠾᠦ᠋ᠢ ᠬᠤᠷᠠᠯ ᠳᠤ ᠰᠠᠭᠠᠳ᠋ᠠᠵᠤ᠂ ᠬᠤᠰᠢᠭᠤᠨ ᠤ ᠤᠳ᠋ᠤᠷᠢᠳ᠋ᠤᠯᠭ᠎ᠠ ᠪᠤᠤ ᠸᠸᠨ ᠯᠠᠨ᠂ ᠵᠠᠩ ᠬᠠᠨ ᠰᠦ᠋ᠩ᠂ ᠪᠠᠳ᠋ᠤ᠂ ᠯᠢᠦ ᠰᠢ ᠯᠢᠨ᠂ ᠪᠤᠤ ᠯᠦ᠋ᠩ᠂ ᠼᠦ᠋ᠢ ᠯᠸᠢ ᠯᠸᠢ᠂ ᠶᠠᠩ ᠭᠧ ᠬᠤᠸᠠ᠂ ᠳ᠋ᠸᠩ ᠭᠤᠸᠠᠩ ᠹᠸᠩ ᠵᠢᠴᠢ ᠬᠤᠰᠢᠭᠤᠨ ᠤ ᠬᠠᠮᠢᠶ᠎ᠠ ᠪᠦᠬᠦᠢ ᠪᠠᠢ᠌ᠭᠤᠯᠭ᠎ᠠ ᠶᠢᠨ ᠬᠠᠷᠢᠭᠤᠴᠠᠯᠭᠠᠳ᠋ᠠᠨ ᠬᠤᠷᠠᠯ ᠳᠤ ᠰᠤᠯᠠ ᠤᠷᠤᠯᠴᠠᠪᠠ᠃ ᠲᠤᠰ ᠤᠳ᠋ᠠᠭᠠᠨ ᠤ ᠬᠤᠷᠠᠯ ᠳᠤ ᠤᠷᠤᠯᠴᠠᠬᠤ ᠪᠠᠢ᠌ᠩᠭ᠋ᠤ ᠶᠢᠨ ᠬᠤᠷᠢᠶᠠᠨ ᠤ ᠭᠡᠰᠢᠭᠦᠨ 28 ᠨᠡᠷᠡᠰ᠂ ᠪᠤᠳ᠋ᠠᠳ᠋ᠠᠢ ᠤᠷᠤᠯᠴᠠᠭᠰᠠᠨ ᠨᠢ 28 ᠨᠡᠷᠡᠰ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃


              ᠬᠤᠷᠠᠯ ᠡᠴᠡ ᠠᠵᠢᠯᠳ᠋ᠡᠨ ᠢ ᠲᠤᠮᠢᠯᠠᠵᠤ ᠪᠠᠭᠤᠯᠭᠠᠬᠤ ᠠᠵᠢᠯ ᠢ ᠶᠠᠪᠤᠭᠳ᠋ᠠᠭᠤᠯᠵᠤ᠂ ᠰᠠᠢ᠌ᠨᠪᠠᠶᠠᠷ ᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ᠂ ᠬᠤᠰᠢᠭᠤᠨ ᠤ ᠲᠤᠳ᠋ᠤᠭᠠᠳ᠋ᠤ ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠭᠠᠷᠪᠤ ᠶᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠲᠡᠳ᠋ ᠡᠷᠬᠢᠯᠡᠭ᠍ᠴᠢ ᠶᠢᠨ ᠲᠤᠰᠢᠶᠠᠯ ᠡᠴᠡ ᠨᠢ ᠪᠠᠭᠤᠯᠭᠠᠬᠤ᠂ ᠸᠠᠩ ᠳ᠋ᠦ᠋ᠩ ᠼᠠᠢ ᠶᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠭᠡᠰᠢᠭᠦᠨ ᠤ ᠲᠤᠰᠢᠶᠠᠯ ᠡᠴᠡ ᠨᠢ ᠪᠠᠭᠤᠯᠭᠠᠬᠤ᠂ ᠵᠠᠨᠵᠦ ᠶᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠭᠡᠰᠢᠭᠦᠨ ᠤ ᠲᠤᠰᠢᠶᠠᠯ ᠡᠴᠡ ᠨᠢ ᠪᠠᠭᠤᠯᠭᠠᠬᠤ᠂ ᠬᠤ ᠴᠢᠩ ᠴᠦ᠋ᠨ ᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠭᠡᠰᠢᠭᠦᠨ ᠤ ᠲᠤᠰᠢᠶᠠᠯ ᠡᠴᠡ ᠨᠢ ᠪᠠᠭᠤᠯᠭᠠᠬᠤ ᠶᠢ ᠵᠦ᠋ᠪᠰᠢᠶᠡᠷᠡᠪᠡ᠃

       
              ᠬᠤᠷᠠᠯ ᠲᠡᠭᠡᠷ᠎ᠠ ᠰᠢᠨ᠎ᠠ ᠪᠠᠷ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠠᠵᠢᠯᠳ᠋ᠡᠨ ᠪᠤᠤ ᠸᠸᠨ ᠯᠠᠨ᠂ ᠯᠢᠦ ᠰᠢ ᠯᠢᠨ᠂ ᠮᠤ ᠲᠢᠶ‍ᠸ ᠮᠢᠨ᠂ ᠸᠠᠩ ᠳ᠋ᠦ᠋ᠩ ᠼᠠᠢ᠂ ᠱᠢ ᠢᠦᠢ ᠭᠦᠸᠸ᠂ ᠵᠢᠨ ᠴᠦ᠋ᠩ ᠶᠠᠩ᠂ ᠡᠦ ᠼᠦ᠋ᠩ ᠵᠢᠶᠠ ᠲᠤᠰ ᠲᠤᠰ ᠲᠤᠰᠢᠶᠠᠯ ᠳᠤ ᠭᠠᠷᠬᠤ  ᠶᠠᠷᠢᠶ᠎ᠠ ᠲᠠᠯᠪᠢᠪᠠ᠂ ᠬᠤᠷᠠᠯ ᠡᠴᠡ ᠪᠤᠤ ᠸᠸᠨ ᠯᠠᠨ ᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ᠂ ᠤᠷᠤᠯᠠᠭᠴᠢ ᠬᠤᠰᠢᠭᠤᠨ ᠲᠠᠷᠤᠭ᠎ᠠ᠂ ᠯᠢᠦ ᠰᠢ ᠯᠢᠨ ᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠲᠡᠳ᠋ ᠡᠷᠬᠢᠯᠡᠭ᠍ᠴᠢ᠂ ᠤᠷᠤᠯᠠᠭᠴᠢ ᠡᠷᠬᠢᠯᠡᠭ᠍ᠴᠢ᠂ ᠮᠤ ᠲᠢᠶ‍ᠸ ᠮᠢᠨ ᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ᠂ ᠬᠤᠰᠢᠭᠤᠨ ᠤ ᠲᠤᠳ᠋ᠤᠭᠠᠳ᠋ᠤ ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠲᠠᠷᠤᠭ᠎ᠠ᠂ ᠸᠠᠩ ᠳ᠋ᠦ᠋ᠩ ᠼᠠᠢ ᠶᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠲᠡᠳ᠋ ᠡᠷᠬᠢᠯᠡᠭ᠍ᠴᠢ᠂ ᠱᠢ ᠢᠦᠢ ᠭᠦᠸᠸ᠂ ᠵᠢᠨ ᠴᠦ᠋ᠩ ᠶᠠᠩ᠂ ᠡᠦ ᠼᠦ᠋ᠩ ᠵᠢᠶᠠ ᠶᠢ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠭᠡᠰᠢᠭᠦᠨ ᠶᠢᠡᠷ ᠲᠤᠮᠢᠯᠠᠪᠠ᠃ ᠡᠦ ᠴᠢᠩ ᠬᠠᠢ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠲᠤ ᠲᠤᠰᠢᠶᠠᠯ ᠳᠤ ᠲᠤᠮᠢᠯᠠᠬᠤ ᠪᠢᠴᠢᠭ᠌ ᠭᠠᠷᠳ᠋ᠠᠭᠤᠯᠤᠨ᠂ ᠪᠤᠤ ᠸᠸᠨ ᠯᠠᠨ ᠵᠡᠷᠭᠡ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃

       
           ᠬᠤᠷᠠᠯ ᠡᠴᠡ ᠹᠥ᠋ ᠶᠢᠨ ᠱᠠᠨ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠦᠰᠦᠳ᠋ᠡᠨ ᠤ ᠠᠵᠢᠯ ᠤᠨ ᠵᠦ᠋ᠪᠯᠡᠯ ᠤᠨ ᠡᠷᠬᠢᠯᠡᠭ᠍ᠴᠢ ᠶᠢᠨ ᠲᠤᠰᠢᠶᠠᠯ ᠡᠴᠡ ᠨᠢ ᠪᠠᠭᠤᠯᠭᠠᠬᠤ᠂ ᠲᠡᠶ ᠰᠢᠦᠸᠠᠢ ᠰᠢᠶᠠ ᠶᠢ ᠬᠤᠰᠢᠭᠤᠨ ᠤ ᠠᠵᠤ ᠦᠢᠯᠡᠳᠪᠦᠷᠢ ᠪᠠ ᠮᠡᠳ᠋ᠡᠭᠡ ᠵᠠᠩᠭᠢᠴᠢᠯᠠᠯᠳ᠋ᠠ ᠶᠢᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠪᠥ᠋ ᠴᠢᠩ ᠰᠸᠨ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳ᠋ᠦ ᠶᠢᠨ ᠵᠦ᠋ᠪᠯᠡᠯ ᠤᠨ ᠡᠷᠬᠢᠯᠡᠭ᠍ᠴᠢ ᠶᠢᠨ ᠲᠤᠰᠢᠶᠠᠯ ᠡᠴᠡ ᠨᠢ ᠪᠠᠭᠤᠯᠭᠠᠬᠤ᠂ ᠪᠦᠷᠢᠨᠰᠠᠩ ᠢ ᠬᠤᠰᠢᠭᠤᠨ ᠤ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠪᠡᠶ᠎ᠠ ᠲᠠᠮᠢᠷ ᠤᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠶᠠᠩ ᠵᠸᠨ ᠴᠢᠩ ᠢ ᠬᠤᠰᠢᠭᠤᠨ ᠤ ᠬᠠᠦᠯᠢ ᠴᠠᠭᠠᠵᠠ ᠶᠢᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠮᠠ ᠰᠢᠶᠠᠨ ᠡᠾᠸ ᠶᠢ ᠬᠤᠰᠢᠭᠤᠨ ᠤ ᠶᠠᠳ᠋ᠠᠭᠤ ᠶᠢ ᠲᠡᠳᠭᠦᠬᠦ ᠠᠯᠪᠠᠨ ᠭᠡᠷ ᠤᠨ ᠡᠷᠬᠢᠯᠡᠭ᠍ᠴᠢ ᠶᠢᠨ ᠲᠤᠰᠢᠶᠠᠯ ᠡᠴᠡ ᠨᠢ ᠪᠠᠭᠤᠯᠭᠠᠬᠤ᠂ ᠵᠤᠤ ᠴᠢᠩ ᠢ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠯᠢ ᡁᠢ ᠭᠠᠩ ᠢ ᠬᠤᠰᠢᠭᠤᠨ ᠤ ᠵᠠᠬᠢᠳ᠋ᠠᠯ ᠰᠤᠷᠪᠤᠯᠵᠢᠯᠠᠭ᠎ᠠ ᠶᠢᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠪᠠᠢ ᠶᠠᠨ ᠰᠢᠦᠸᠠᠢ ᠶᠢ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠵᠢᠶᠠᠩ ᠭᠦᠸᠸ ᠱᠸᠩ ᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠭᠦᠢᠴᠡᠳᠭᠡᠬᠦ ᠲᠤᠪᠴᠢᠶᠠᠨ ᠤ ᠲᠤᠪᠴᠢᠶᠠᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠰᠦ᠋ᠨ ᠮᠢᠩ ᠵᠢᠶᠠᠨ ᠢ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠰᠢᠶᠠᠩᠱᠠᠨ ᠰᠢᠬᠦᠬᠦ ᠲᠢᠩᠭᠢᠮ ᠤᠨ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ᠂ ᠪᠠᠢ ᠰᠢᠶᠤᠤ ᠬᠤ ᠶᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠡᠷᠡᠭ᠌ ᠪᠤᠯᠭᠠᠨ ᠲᠠᠩᠰᠠᠯᠠᠬᠤ ᠲᠢᠩᠭᠢᠮ ᠤᠨ ᠲᠡᠳ᠋ ᠲᠠᠷᠤᠭ᠎ᠠ ᠶᠢᠨ ᠲᠤᠰᠢᠶᠠᠯ ᠡᠴᠡ ᠨᠢ ᠪᠠᠭᠤᠯᠭᠠᠬᠤ ᠶᠢ ᠵᠦ᠋ᠪᠰᠢᠶᠡᠷᠡᠪᠡ᠃ 

       
              ᠬᠤᠷᠠᠯ ᠲᠡᠭᠡᠷ᠎ᠠ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠠᠵᠢᠯᠳ᠋ᠡᠨ ᠫᠠᠨ ᠰᠢᠶᠤᠤ ᠶᠢᠩ᠂ ᠲᠡᠶ ᠰᠢᠦᠸᠠᠢ ᠰᠢᠶᠠ᠂ ᠮᠠ ᠰᠢᠶᠠᠨ ᠡᠾᠸ᠂ ᠵᠢᠶᠠᠩ ᠭᠦᠸᠸ ᠱᠸᠩ᠂ ᠰᠦ᠋ᠨ ᠮᠢᠩ ᠵᠢᠶᠠᠨ᠂ ᠪᠠᠢ ᠰᠢᠶᠤᠤ ᠬᠤ ᠲᠤᠰ ᠲᠤᠰ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ᠂ ᠬᠤᠷᠠᠯ ᠡᠴᠡ ᠪᠤᠤ ᠴᠢ ᠵᠢᠨ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠲᠡᠳ᠋ ᠡᠷᠬᠢᠯᠡᠭ᠍ᠴᠢ᠂ ᠫᠠᠨ ᠰᠢᠶᠤᠤ ᠶᠢᠩ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳ᠋ᠦ ᠶᠢᠨ ᠵᠦ᠋ᠪᠯᠡᠯ ᠤᠨ ᠡᠷᠬᠢᠯᠡᠭ᠍ᠴᠢ᠂ ᠲᠡᠶ ᠰᠢᠦᠸᠠᠢ ᠰᠢᠶᠠ ᠶᠢ ᠬᠤᠰᠢᠭᠤᠨ ᠤ ᠠᠵᠤ ᠦᠢᠯᠡᠳᠪᠦᠷᠢ ᠮᠡᠳ᠋ᠡᠭᠡ ᠵᠠᠩᠭᠢᠴᠢᠯᠠᠯᠳ᠋ᠠ ᠪᠠ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠲᠤᠪᠴᠢᠶᠠᠨ ᠲᠠᠷᠤᠭ᠎ᠠ᠂ ᠮᠠ ᠰᠢᠶᠠᠨ ᠡᠾᠸ ᠶᠢ ᠬᠤᠰᠢᠭᠤᠨ ᠤ ᠬᠠᠦᠯᠢ ᠴᠠᠭᠠᠵᠠ ᠶᠢᠨ ᠲᠤᠪᠴᠢᠶᠠᠨ ᠤ ᠲᠤᠪᠴᠢᠶᠠᠨ ᠲᠠᠷᠤᠭ᠎ᠠ᠂ ᠵᠢᠶᠠᠩ ᠭᠦᠸᠸ ᠱᠸᠩ ᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠭᠦᠨ ᠲᠠᠰᠤᠯᠬᠤ ᠵᠦ᠋ᠪᠯᠡᠯ ᠤᠨ ᠲᠤᠰᠬᠠᠢ ᠲᠤᠰᠢᠶᠠᠯᠳ᠋ᠤ ᠭᠡᠰᠢᠭᠦᠨ᠂ ᠰᠦ᠋ᠨ ᠮᠢᠩ ᠵᠢᠶᠠᠨ ᠢ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠭᠦᠢᠴᠡᠳᠭᠡᠬᠦ ᠲᠤᠪᠴᠢᠶᠠᠨ ᠤ ᠲᠤᠪᠴᠢᠶᠠᠨ ᠲᠠᠷᠤᠭ᠎ᠠ᠂ ᠪᠠᠢ ᠰᠢᠶᠤᠤ ᠬᠤ ᠶᠢ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠰᠢᠶᠠᠩᠱᠠᠨ ᠲᠢᠩᠭᠢᠮ ᠤᠨ ᠲᠠᠷᠤᠭ᠎ᠠ ᠪᠠᠷ ᠲᠤᠮᠢᠯᠠᠪᠠ᠃ ᠡᠦ ᠴᠢᠩ ᠬᠠᠢ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠲᠤ ᠲᠤᠰᠢᠶᠠᠯ ᠳᠤ ᠲᠤᠮᠢᠯᠠᠬᠤ ᠪᠢᠴᠢᠭ᠌ ᠭᠠᠷᠳ᠋ᠠᠭᠤᠯᠤᠨ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃

       
           ᠬᠤᠷᠠᠯ ᠲᠡᠭᠡᠷ᠎ᠠ ᠪᠠᠰᠠ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ᠂ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠬᠠᠮᠢᠶ᠎ᠠ ᠪᠦᠬᠦᠢ ᠲᠤᠰᠢᠶᠠᠯ ᠡᠴᠡ ᠨᠢ ᠪᠠᠭᠤᠯᠭᠠᠬᠤ ᠵᠦ᠋ᠢᠯᠡᠰ ᠢ ᠶᠠᠪᠤᠭᠳ᠋ᠠᠭᠤᠯᠵᠤ᠂ ᠡᠷᠳ᠋ᠡᠨᠢᠬᠦᠦ ᠶᠢᠨ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠬᠤᠰᠢᠭᠤᠨ ᠲᠠᠷᠤᠭ᠎ᠠ ᠶᠢᠨ ᠲᠤᠰᠢᠶᠠᠯ ᠡᠴᠡ ᠪᠠᠨ ᠪᠠᠭᠤᠬᠤ᠂ ᠬᠠᠨ ᠹᠸᠩ ᠡᠦ ᠶᠢᠨ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠡᠷᠬᠢᠯᠡᠭ᠍ᠴᠢ ᠶᠢᠨ ᠲᠤᠰᠢᠶᠠᠯ ᠡᠴᠡ ᠪᠠᠨ ᠪᠠᠭᠤᠬᠤ ᠶᠢ ᠵᠦ᠋ᠪᠰᠢᠶᠡᠷᠡᠪᠡ᠂ ᠶᠠᠨ ᠢᠦᠢ ᠴᠠᠩ᠂ ᠯᠢ ᠰᠢᠶᠠᠩ ᠵᠢᠶ‍ᠦ᠋ᠨ ᠤ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠰᠢᠶᠠᠯ ᠢ ᠨᠢ ᠲᠦ᠋ᠷ ᠵᠤᠭᠰᠤᠭᠠᠬᠤ ᠲᠤᠬᠠᠢ ᠵᠦ᠋ᠪᠯᠡᠯᠭᠡ ᠶᠢ ᠪᠠᠳ᠋ᠤᠯᠠᠪᠠ᠃ (ᠯᠸᠢ ᠫᠠᠩ)

ᠡᠮᠦᠨᠡᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠠᠷᠤᠳ ᠬᠤᠰᠢᠭᠤᠨ ᠳᠤ ᠢᠷᠡᠵᠦ《ᠲᠦ᠋ᠩᠯᠢᠶᠤᠤ ᠬᠤᠳ᠋ᠠ ᠶᠢᠨ ᠲᠠᠷᠢᠶᠠᠯᠠᠩ ᠳᠤ ᠬᠡᠷᠡᠭᠯᠡᠬᠦ ᠲᠠᠰᠤᠯᠤᠪᠴᠢ ᠪᠦᠷᠬᠦᠬᠦᠯ ᠤᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠲᠦ᠋ᠷᠢᠮ (ᠲᠦ᠋ᠰᠦᠯ)》《ᠲᠦ᠋ᠩᠯᠢᠶᠤᠤ ᠬᠤᠳ᠋ᠠ ᠶᠢᠨ ᠮᠤᠩᠭ᠋ᠤᠯ ᠡᠮ ᠢ ᠬᠠᠮᠠᠭᠠᠯᠠᠨ ᠬᠦᠭ᠍ᠵᠢᠭᠦᠯᠬᠦ ᠲᠦ᠋ᠷᠢᠮ (ᠲᠦ᠋ᠰᠦᠯ)》᠊ᠢ ᠬᠠᠦᠯᠢ ᠲᠤᠭᠳ᠋ᠠᠭᠠᠬᠤ ᠲᠤᠮᠳ᠋ᠠ ᠪᠠᠢ᠌ᠴᠠᠭᠠᠨ ᠰᠤᠳ᠋ᠤᠯᠪᠠ
ᠳᠠᠷᠠᠭᠠᠬᠢ᠄ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠵᠢᠷᠭᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ