ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ


       
               7 ᠰᠠᠷ᠎ᠠ ᠶᠢᠨ 30 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ  ᠪᠠᠢ᠌ᠭᠤᠯᠭ᠎ᠠ ᠶᠢᠨ ᠨᠠᠮ ᠤᠨ ᠡᠭᠦᠷ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠵᠤ᠂ ᠱᠢ ᠲᠡᠶ ᠹᠸᠩ ᠱᠦ᠋ᠵᠢ ᠶᠢᠨ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠰᠠᠭᠤᠳ᠋ᠠᠯ ᠤᠨ ᠬᠤᠷᠠᠯ ᠲᠡᠭᠡᠷᠡᠬᠢ ᠶᠠᠷᠢᠶ᠎ᠠ ᠪᠠ ᠯᠢᠨ ᠱᠤᠤ ᠴᠦ᠋ᠨ ᠨᠦ᠋ᠬᠦᠷ ᠤᠨ ᠪᠦᠬᠦ ᠤᠷᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠲᠦ᠋ᠯᠬᠢᠨ ᠠᠬᠢᠭᠤᠯᠬᠤ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠭᠰᠠᠨ ᠪᠦᠭᠡᠳ ᠪᠠᠢ᠌ᠭᠤᠯᠭ᠎ᠠ ᠶᠢᠨ ᠨᠠᠮ ᠤᠨ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠂ ᠬᠤᠷᠠᠯ ᠢ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃

       
                ᠬᠤᠷᠠᠯ ᠡᠴᠡ᠂ ᠬᠦᠰᠡᠯᠡᠩ ᠢᠳ᠋ᠡᠭᠡᠯ ᠪᠢᠰᠢᠷᠡᠯ ᠶᠢᠡᠨ ᠪᠠᠳ᠋ᠤᠭᠬᠵᠤ᠂ ᠤᠬᠠᠮᠰᠡᠷ ᠡᠴᠡ ᠪᠠᠨ ᠤᠯᠤᠰ ᠲᠦ᠋ᠷᠦ ᠶᠢᠨ ᠵᠤᠭᠰᠤᠴᠠ ᠪᠠᠨ ᠴᠢᠩᠭ᠋ᠠᠳᠬᠠᠵᠤ᠂ ᠤᠯᠤᠰ ᠲᠦ᠋ᠷᠦ ᠶᠢᠨ ᠮᠠᠭᠠᠳᠯᠠᠬᠤ ᠴᠢᠳ᠋ᠠᠪᠤᠷᠢ᠂ ᠤᠯᠤᠰ ᠲᠦ᠋ᠷᠦ ᠶᠢᠨ ᠤᠢ᠌ᠯᠠᠭᠠᠬᠤ ᠴᠢᠳ᠋ᠠᠪᠤᠷᠢ᠂ ᠤᠯᠤᠰ ᠲᠦ᠋ᠷᠦ ᠶᠢᠨ ᠭᠦᠢᠴᠡᠳᠭᠡᠬᠦ ᠴᠢᠳ᠋ᠠᠪᠤᠷᠢ ᠪᠠᠨ ᠲᠠᠰᠤᠷᠠᠯᠳ᠋ᠠ ᠦᠭᠡᠶ ᠲᠡᠭᠡᠭ᠍ᠰᠢᠯᠡᠭᠦᠯᠦᠨ᠂ ᠢᠮᠠᠭᠳ᠋ᠠ ᠦᠵᠡᠯ ᠰᠠᠨᠠᠭ᠎ᠠ ᠤᠯᠤᠰ ᠲᠦ᠋ᠷᠦ ᠶᠢᠨ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠵᠢᠨ ᠫᠢᠩ ᠨᠦ᠋ᠬᠦᠷ ᠶᠢᠡᠷ ᠭᠤᠤᠯ ᠪᠤᠯᠭᠠᠭᠰᠠᠨ ᠨᠠᠮ ᠤᠨ ᠲᠦ᠋ᠪ ᠬᠤᠷᠢᠶ᠎ᠠ ᠲᠡᠶ ᠲᠡᠭᠡᠳ᠋ᠦ ᠬᠡᠮᠵᠢᠶ᠎ᠠ ᠪᠠᠷ ᠨᠢᠭᠡᠳ᠋ᠦᠯᠳ᠋ᠠᠢ ᠪᠠᠢ᠌ᠵᠤ᠂ ᠴᠢᠳ᠋ᠠᠪᠤᠷᠢ ᠪᠠᠨ ᠲᠡᠭᠡᠭ᠍ᠰᠢᠯᠡᠭᠦᠯᠦᠨ᠂ ᠰᠤᠷᠤᠯᠴᠠᠬᠤ ᠤᠬᠠᠮᠰᠡᠷ ᠶᠢᠡᠨ ᠴᠢᠩᠭ᠋ᠠᠳᠬᠠᠵᠤ᠂ ᠠᠵᠢᠯ ᠤᠨ ᠰᠤᠷᠳ᠋ᠠᠯ ᠶᠢᠡᠨ ᠦᠨᠡᠨ ᠬᠦ ᠬᠤᠪᠢᠷᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠭ᠎ᠠ ᠶᠢᠨ ᠪᠠᠢ᠌ᠭᠤᠯᠤᠯᠳ᠋ᠠ ᠶᠢᠨ ᠲᠦ᠋ᠪᠰᠢᠨ ᠢ ᠪᠦᠬᠦ ᠲᠠᠯ᠎ᠠ ᠪᠠᠷ ᠲᠡᠭᠡᠭ᠍ᠰᠢᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ 

       

        ᠬᠤᠷᠠᠯ ᠲᠡᠭᠡᠷ᠎ᠠ ᠪᠠᠰᠠ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠰᠦ᠋ᠯᠳ᠋ᠡ ᠨᠠᠮ ᠤᠨ ᠲᠤᠭ ᠤᠨ ᠲᠦ᠋ᠷᠢᠮ》᠂《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠭᠡᠰᠢᠭᠦᠨ ᠤ ᠡᠷᠭᠡ ᠶᠢ ᠪᠠᠳ᠋ᠤᠯᠠᠬᠤ ᠲᠦ᠋ᠷᠢᠮ》᠊ᠢ ᠲᠦ᠋ᠪᠯᠡᠷᠡᠭᠦᠯᠦᠨ ᠰᠤᠷᠤᠯᠴᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠦᠶᠡᠷ ᠤᠨ ᠭᠠᠮᠰᠢᠭ ᠢ ᠰᠡᠷᠭᠡᠢ᠌ᠯᠡᠬᠦ ᠵᠡᠷᠭᠡ ᠠᠵᠢᠯ ᠢ ᠤᠯᠠᠮ ᠴᠢᠨᠠᠭᠰᠢᠳ᠋ᠠ ᠰᠠᠢ᠌ᠳ᠋ᠤᠷ ᠬᠢᠬᠦ ᠲᠤᠬᠠᠢ ᠪᠤᠳ᠋ᠠᠳ᠋ᠠᠢ ᠲᠤᠬᠢᠷᠠᠭᠤᠯᠤᠨ ᠪᠠᠢ᠌ᠷᠢᠯᠠᠭᠤᠯᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠵᠠᠷᠤᠳ ᠬᠤᠰᠢᠭᠤᠨ ᠤ ᠠᠷᠪᠠᠨ ᠭᠤᠷᠪᠠᠳ᠋ᠤᠭᠠᠷ ᠤᠳ᠋ᠠᠭᠠᠨ ᠤ ᠨᠠᠮ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ