ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠦᠪᠡᠷᠳ᠋ᠡᠭᠡᠨ ᠵᠠᠰᠠᠬᠤ ᠤᠷᠤᠨ ᠤ ᠰᠢᠶᠠᠨ ᠰᠢᠶᠠᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠲᠸᠯᠸᠢᠰ ᠤᠳ᠋ᠠᠰᠤᠳ᠋ᠤ ᠪᠤᠯᠪᠠᠰᠤᠷᠠᠯ ᠤᠨ ᠬᠤᠷᠠᠯ ᠳᠤ ᠤᠷᠤᠯᠴᠠᠪᠠ

ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠤᠷᠤᠭᠰᠢᠳ᠋ᠠᠢ ᠶᠠᠪᠤᠭᠳ᠋ᠠᠬᠤ ᠶᠢ ᠠᠬᠢᠭᠤᠯᠬᠤ ᠶᠢᠨ ᠲᠦ᠋ᠯᠦᠭᠡ᠂ 8 ᠰᠠᠷ᠎ᠠ ᠶᠢᠨ 2 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠱᠠᠭᠠᠷᠳ᠋ᠠᠯᠭ᠎ᠠ ᠶᠤᠰᠤᠭᠠᠷ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠪᠠ ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢ ᠵᠢᠴᠢ ᠠᠵᠢᠯᠳ᠋ᠡᠳ ᠢ ᠵᠤᠬᠢᠶᠠᠨ ᠪᠠᠢ᠌ᠭᠤᠯᠵᠤ ᠪᠦᠬᠦ ᠤᠷᠤᠨ ᠤ ᠰᠢᠶᠠᠨ ᠰᠢᠶᠠᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠪᠤᠯᠪᠠᠰᠤᠷᠠᠯ ᠤᠨ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠡᠦ ᠴᠢᠩ ᠬᠠᠢ᠂ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ ᠪᠤᠯᠪᠠᠰᠤᠷᠠᠯ ᠳᠤ ᠤᠷᠤᠯᠴᠠᠪᠠ᠃

ᠪᠤᠯᠪᠠᠰᠤᠷᠠᠯ ᠤᠨ ᠠᠩᠭᠢ ᠭᠤᠤᠯᠳ᠋ᠠᠭᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠪᠠ ᠱᠠᠭᠠᠷᠳ᠋ᠠᠯᠭ᠎ᠠ ᠶᠢ ᠤᠯᠠᠮᠵᠢᠯᠠᠨ᠂ ᠰᠤᠩᠭ᠋ᠤᠭᠤᠯᠢ ᠶᠢᠨ ᠬᠠᠦᠯᠢ ᠳᠤ ᠲᠠᠢ᠌ᠯᠤᠮᠵᠢ ᠬᠢᠵᠦ᠂ ᠲᠦ᠋ᠯᠦᠭᠡᠯᠡᠭ᠍ᠴᠢᠳ ᠤᠨ ᠤᠷᠤᠨ ᠲᠤᠭ᠎ᠠ ᠶᠢ ᠲᠤᠭᠳ᠋ᠠᠭᠠᠬᠤ ᠪᠠ ᠬᠤᠪᠢᠶᠠᠷᠯᠠᠬᠤ ᠪᠤᠳ᠋ᠠᠳ᠋ᠠᠢ ᠠᠷᠭ᠎ᠠ ᠠᠪᠴᠠᠯ ᠵᠡᠷᠭᠡ ᠠᠭᠤᠯᠭ᠎ᠠ ᠶᠢ ᠲᠠᠨᠢᠯᠴᠠᠭᠤᠯᠬᠤ ᠶᠢᠨ ᠬᠠᠮᠳ᠋ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠢᠨ ᠡᠷᠬᠡᠪᠰᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠪᠠ ᠪᠤᠯᠪᠠᠰᠤᠷᠠᠯ ᠰᠤᠷᠤᠯᠴᠠᠯᠭ᠎ᠠ ᠶᠢ ᠨᠠᠷᠢᠨ ᠬᠢᠨᠠᠮᠠᠭᠠᠢ ᠰᠠᠢ᠌ᠳ᠋ᠤᠷ ᠪᠠᠢ᠌ᠷᠢᠯᠠᠭᠤᠯᠤᠨ᠂ ᠠᠵᠢᠯ ᠤᠨ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳ᠋ᠠᠯᠭ᠎ᠠ ᠶᠢ ᠴᠢᠩᠳ᠋ᠠᠯᠠᠵᠤ᠂ ᠠᠵᠢᠯ ᠤᠨ ᠰᠠᠬᠢᠯᠭ᠎ᠠ ᠪᠠᠳ᠋ᠤ ᠶᠢ ᠴᠢᠩᠭ᠋ᠠᠳᠬᠠᠨ᠂ ᠡᠯ᠎ᠠ ᠱᠠᠳ᠋ᠤᠨ ᠤ ᠨᠠᠮ ᠤᠨ ᠬᠤᠷᠢᠶᠠᠨ ᠤ ᠤᠳ᠋ᠤᠷᠢᠳ᠋ᠤᠯᠭ᠎ᠠ ᠲᠤᠤᠷ᠎ᠠ᠂ ᠤᠷᠭᠢᠯᠤᠮ᠎ᠠ ᠬᠠᠯᠠᠭᠤᠨ ᠰᠡᠳᠭᠢᠯᠭᠡ ᠪᠠ ᠴᠤᠭ ᠪᠠᠳ᠋ᠠᠷᠠᠩᠭ᠋ᠤᠢ ᠤᠶᠤᠨ ᠰᠠᠨᠠᠭᠠᠨ ᠤ ᠲᠦ᠋ᠷᠰᠦ ᠪᠠᠢ᠌ᠳ᠋ᠠᠯ᠂ ᠪᠤᠳ᠋ᠠᠳ᠋ᠠᠢ ᠶᠢ ᠡᠷᠬᠢᠮᠯᠡᠬᠦ ᠰᠤᠷᠳ᠋ᠠᠯ ᠶᠢᠡᠷ ᠢᠳ᠋ᠡᠪᠬᠢᠳ᠋ᠠᠢ ᠠᠵᠢᠯᠯᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠠᠦᠯᠢ ᠶᠤᠰᠤᠭᠠᠷ ᠤᠷᠤᠭᠰᠢᠳ᠋ᠠᠢ ᠪᠡᠶᠡᠯᠡᠭ᠍ᠳ᠋ᠡᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃

ᠪᠤᠯᠪᠠᠰᠤᠷᠠᠯ ᠳᠤ ᠤᠷᠤᠯᠴᠠᠭᠰᠠᠳ ᠤᠨ ᠦᠵᠡᠬᠦ ᠪᠠᠷ᠂ ᠲᠤᠰ ᠤᠳ᠋ᠠᠭᠠᠨ ᠤ ᠪᠤᠯᠪᠠᠰᠤᠷᠠᠯ ᠶᠢᠡᠷ ᠲᠠᠮᠵᠢᠨ ᠰᠢᠶᠠᠨ ᠰᠢᠶᠠᠩ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠠᠷᠠᠯᠳ᠋ᠠ ᠱᠠᠭᠠᠷᠳ᠋ᠠᠯᠭ᠎ᠠ ᠶᠢ ᠪᠦᠬᠦ ᠲᠠᠯ᠎ᠠ ᠪᠠᠷ ᠤᠢ᠌ᠯᠠᠭᠠᠨ᠂ ᠠᠵᠢᠯ ᠤᠨ ᠶᠠᠪᠤᠴᠠ ᠳ᠋ᠡᠬᠢ ᠭᠤᠤᠯᠳ᠋ᠠᠯᠭ᠎ᠠ ᠲᠡᠶ ᠬᠦᠴᠢᠷ ᠠᠰᠠᠭᠤᠳ᠋ᠠᠯ ᠢ ᠤᠨᠤᠪᠴᠢᠳ᠋ᠠᠢ ᠡᠵᠡᠮᠳ᠋ᠡᠵᠦ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠲᠦ᠋ᠷᠦ ᠶᠢᠨ ᠪᠤᠳ᠋ᠤᠯᠭ᠎ᠠ ᠶᠢᠨ ᠱᠠᠭᠠᠷᠳ᠋ᠠᠯᠭ᠎ᠠ ᠪᠤᠯᠤᠨ ᠶᠠᠪᠤᠴᠠ ᠶᠢᠨ ᠠᠯᠬᠤᠮ ᠲᠠᠷᠠᠭ᠎ᠠ ᠶᠢ ᠭᠦᠨᠵᠡᠭᠡᠢ ᠡᠵᠡᠮᠰᠢᠨ᠂ ᠲᠠᠷᠠᠭᠠᠴᠢ ᠶᠢᠨ ᠠᠯᠬᠤᠮ ᠤᠨ ᠰᠢᠶᠠᠨ ᠰᠢᠶᠠᠩ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠰᠠᠢ᠌ᠳ᠋ᠤᠷ ᠬᠢᠬᠦ ᠳᠤ ᠪᠠᠳ᠋ᠤ ᠪᠡᠬᠢ ᠰᠠᠭᠤᠷᠢ ᠶᠢ ᠲᠠᠯᠪᠢᠵᠤ᠂ ᠢᠳ᠋ᠡᠭᠡᠯ ᠵᠤᠷᠢᠭ ᠢ ᠬᠦᠪᠴᠢᠯᠡᠪᠡ ᠭᠡᠵᠠᠢ᠃ (ᠯᠸᠢ ᠫᠠᠩ)