ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠳ᠋ᠠ ᠶᠢᠨ ᠬᠤᠷᠠᠯ ᠬᠤᠷᠠᠯᠳ᠋ᠤᠭᠤᠯᠪᠠ

ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠡᠵᠡᠮᠳ᠋ᠡᠬᠦ ᠴᠢᠳ᠋ᠠᠪᠤᠷᠢ ᠶᠢ ᠪᠦᠬᠦ ᠲᠠᠯ᠎ᠠ ᠪᠠᠷ ᠲᠡᠭᠡᠭ᠍ᠰᠢᠯᠡᠭᠦᠯᠬᠦ ᠶᠢᠨ ᠲᠦ᠋ᠯᠦᠭᠡ᠂ 8 ᠰᠠᠷ᠎ᠠ ᠶᠢᠨ 2 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ᠂ ᠬᠤᠷᠠᠯ ᠢ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠵᠦ᠂ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠬᠤᠷᠠᠯ ᠳᠤ ᠤᠷᠤᠯᠴᠠᠪᠠ᠃

ᠬᠤᠷᠠᠯ ᠲᠡᠭᠡᠷ᠎ᠠ᠂ ᠪᠠᠢ᠌ᠭᠤᠯᠭ᠎ᠠ ᠶᠢᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ 《ᠵᠠᠷᠤᠳ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠵᠢᠯᠤᠭᠤᠳᠬᠤ ᠭᠠᠵᠠᠷ ᠤᠨ ᠵᠠᠷᠯᠢᠭ》 (4 ᠳ᠋ᠦ᠋ᠭᠡᠷ ᠲᠤᠭᠠᠳ᠋ᠤ) ᠢ ᠤᠩᠰᠢᠨ ᠨᠡᠢ᠌ᠳ᠋ᠡᠯᠠᠪᠠ᠃ ᠯᠢ ᠴᠸᠩ ᠭᠦᠸᠸ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠤᠯᠤᠰ ᠲᠦ᠋ᠷᠦ ᠶᠢᠨ ᠵᠤᠭᠰᠤᠴᠠ ᠪᠠᠨ ᠪᠠᠳ᠋ᠤᠳᠬᠠᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠬᠦ ᠶᠢ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠢ᠌ᠯᠡᠨ ᠡᠵᠡᠮᠳ᠋ᠡᠬᠦ ᠶᠢ ᠪᠠᠷᠢᠮᠳ᠋ᠠᠯᠠᠨ᠂ ᠡᠯ᠎ᠠ ᠵᠦ᠋ᠢᠯ ᠤᠨ ᠰᠡᠷᠭᠡᠢ᠌ᠯᠡᠨ ᠡᠵᠡᠮᠳ᠋ᠡᠬᠦ ᠠᠷᠭ᠎ᠠ ᠬᠡᠮᠵᠢᠶ᠎ᠠ ᠶᠢ ᠡᠷᠡᠰ ᠴᠢᠩᠭ᠎ᠠ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃

ᠯᠢ ᠴᠸᠩ ᠭᠦᠸᠸ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠵᠠᠷᠤᠳ ᠬᠤᠰᠢᠭᠤᠨ ᠤ ᠰᠢᠨ᠎ᠠ ᠬᠡᠯᠪᠡᠷᠢ ᠶᠢᠨ ᠲᠢᠳ᠋ᠢᠮᠯᠢᠭ᠌ ᠸᠢᠷᠦ᠋ᠰ ᠡᠴᠡ ᠬᠠᠯᠳ᠋ᠠᠪᠤᠷᠢᠯᠠᠭᠰᠠᠨ ᠠᠭᠤᠰᠭᠢᠨ ᠦᠷᠪᠢᠰᠦᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠵᠢᠯᠤᠭᠤᠳᠬᠤ ᠭᠠᠵᠠᠷ ᠤᠨ ᠨᠢᠭᠡᠳ᠋ᠦᠯᠳ᠋ᠠᠢ ᠪᠠᠢ᠌ᠷᠢᠯᠠᠭᠤᠯᠤᠯᠳ᠋ᠠ ᠲᠤᠬᠢᠷᠠᠭᠤᠯᠤᠯᠳ᠋ᠠ ᠶᠢ ᠴᠢᠩᠭ᠎ᠠ ᠵᠢᠷᠤᠮᠯᠡᠨ᠂ ᠦᠵᠡᠯ ᠰᠠᠨᠠᠭᠠᠨ ᠤ ᠲᠠᠯ᠎ᠠ ᠪᠠᠷ ᠲᠡᠭᠡᠳ᠋ᠦ ᠬᠡᠮᠵᠢᠶ᠎ᠠ ᠪᠠᠷ ᠴᠢᠬᠤᠯᠠᠴᠢᠯᠠᠵᠤ᠂ ᠤᠳ᠋ᠤᠬᠠᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠴᠠᠭ ᠢᠮᠠᠭᠳ᠋ᠠ ᠠᠩᠬᠠᠷᠤᠨ᠂ ᠪᠠᠢ᠌ᠭᠤᠯᠭ᠎ᠠ ᠶᠢᠨ ᠤᠷᠤᠵᠤ ᠭᠠᠷᠬᠤ ᠬᠦᠮᠦᠰ ᠤᠨ ᠬᠠᠮᠢᠶᠠᠷᠤᠯᠳ᠋ᠠ ᠶᠢ ᠴᠢᠩᠭ᠎ᠠ ᠠᠳᠬᠤᠨ᠂ ᠠᠵᠢᠯᠯᠠᠬᠤ ᠤᠷᠤᠨ ᠤ ᠠᠷᠢᠭᠤᠳᠬᠠᠬᠤ ᠪᠠ ᠪᠠᠺᠲ᠋ᠸᠷᠢ ᠤᠰᠠᠳᠬᠠᠬᠤ ᠠᠵᠢᠯ ᠢ ᠰᠠᠢ᠌ᠳ᠋ᠤᠷ ᠬᠢᠵᠦ᠂ ᠪᠠᠢ᠌ᠭᠤᠯᠭ᠎ᠠ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠢ ᠪᠠᠳ᠋ᠤᠯᠠᠨ᠂ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠲᠤᠰ ᠡᠳ᠋ᠦᠷ ᠡᠴᠡ ᠡᠬᠢᠯᠡᠨ ᠭᠠᠳ᠋ᠠᠭᠰᠢ ᠭᠠᠷᠴᠦ ᠴᠢᠯᠦᠭᠡ ᠭᠤᠶᠤᠬᠤ ᠶᠢ ᠬᠢᠨᠠᠨ ᠵᠦ᠋ᠪᠰᠢᠶᠡᠷᠡᠬᠦ ᠲᠦ᠋ᠷᠢᠮ ᠢ ᠴᠢᠩᠭ᠎ᠠ ᠬᠡᠷᠡᠭ᠍ᠵᠢᠭᠦᠯᠵᠦ᠂ ᠰᠦ᠋ᠯᠵᠢᠶ᠎ᠠ ᠪᠠᠷ ᠪᠠᠷᠠᠭ᠎ᠠ ᠬᠤᠳ᠋ᠠᠯᠳ᠋ᠤᠨ ᠠᠪᠬᠤ ᠶᠢ ᠪᠠᠭᠠᠰᠬᠠᠬᠤ ᠪᠠ ᠬᠢᠵᠠᠭᠠᠷᠯᠠᠨ᠂ ᠴᠤᠭᠯᠠᠷᠠᠬᠤ ᠦᠭᠡᠶ᠂ ᠬᠠᠮᠳ᠋ᠤ ᠬᠤᠭᠤᠯᠠᠯᠬᠤ ᠦᠭᠡᠶ᠂ ᠦᠪᠡᠷ ᠢ ᠪᠠᠨ ᠰᠠᠢ᠌ᠳ᠋ᠤᠷ ᠬᠠᠮᠠᠭᠠᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)