ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠴᠠᠭᠳ᠋ᠠᠨ ᠪᠠᠢ᠌ᠴᠠᠭᠠᠭᠰᠠᠨ ᠬᠠᠷᠢᠭᠤ ᠲᠤᠰᠬᠠᠯᠳ᠋ᠠ ᠶᠢ ᠴᠡᠭ᠍ᠴᠡᠯᠡ ᠨᠰᠠᠢ᠌ᠵᠢᠷᠠᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ

8 ᠰᠠᠷ᠎ᠠ ᠶᠢᠨ 4 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠴᠠᠭᠳ᠋ᠠᠨ ᠪᠠᠢ᠌ᠴᠠᠭᠠᠭᠰᠠᠨ ᠬᠠᠷᠢᠭᠤ ᠲᠤᠰᠬᠠᠯᠳ᠋ᠠ ᠶᠢ ᠴᠡᠭ᠍ᠴᠡᠯᠡᠨ ᠰᠠᠢ᠌ᠵᠢᠷᠠᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠂ ᠬᠤᠰᠢᠭᠤᠨ ᠤ ᠨᠠᠮ ᠤᠨ ᠬᠤᠷᠢᠶᠠᠨ ᠤ ᠭᠤᠷᠪᠠᠳ᠋ᠤᠭᠠᠷ ᠴᠠᠭᠳ᠋ᠠᠨ ᠪᠠᠢ᠌ᠴᠠᠭᠠᠬᠤ ᠲᠤᠭᠤᠢ᠌ᠯᠠᠩ ᠤᠨ ᠴᠠᠭᠳ᠋ᠠᠨ ᠪᠠᠢ᠌ᠴᠠᠭᠠᠭᠰᠠᠨ ᠬᠠᠷᠢᠭᠤ ᠲᠤᠰᠬᠠᠯᠳ᠋ᠠ ᠶᠢᠨ ᠰᠠᠨᠠᠯ ᠰᠠᠨᠠᠭᠤᠯᠭ᠎ᠠ ᠲᠡᠶ ᠬᠠᠷᠭᠤᠭᠤᠯᠤᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠳ᠋ᠤᠷᠢᠳᠬᠤ ᠪᠠᠭ ᠢ ᠲᠦ᠋ᠯᠦᠭᠡᠯᠡᠨ ᠪᠠᠢ᠌ᠴᠠᠭᠠᠨ ᠦᠵᠡᠵᠦ ᠵᠠᠳ᠋ᠠᠯᠤᠯᠳ᠋ᠠ ᠬᠢᠭ᠍ᠰᠡᠨ ᠪᠦᠭᠡᠳ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠦ᠂ ᠪᠤᠰᠤᠳ ᠪᠠᠭ ᠤᠨ ᠪᠦᠷᠢᠯᠳ᠋ᠦᠭᠦᠨ ᠲᠠᠷᠠᠭᠠᠯᠠᠨ ᠪᠠᠢ᠌ᠴᠠᠭᠠᠯᠳ᠋ᠠ ᠬᠢᠬᠦ ᠶᠢᠨ ᠬᠠᠮᠳ᠋ᠤ ᠬᠠᠷᠢᠯᠴᠡᠨ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠴᠠᠭᠳ᠋ᠠᠨ ᠪᠠᠢ᠌ᠴᠠᠭᠠᠬᠤ ᠠᠯᠪᠠᠨ ᠭᠡᠷ ᠤᠨ ᠲᠠᠳ᠋ ᠡᠷᠬᠢᠯᠡᠭ᠍ᠴᠢ ᠵᠢᠨ ᠱᠤ ᠮᠸᠢ᠂ ᠴᠠᠭᠳ᠋ᠠᠨ ᠪᠠᠢ᠌ᠴᠠᠭᠠᠬᠤ ᠠᠯᠪᠠᠨ ᠭᠡᠷ ᠤᠨ ᠨᠠᠷᠢᠨ ᠪᠢᠴᠢᠭ᠌ ᠤᠨ ᠲᠤᠭᠤᠢ᠌ᠯᠠᠩ ᠤᠨ ᠺᠠᠳ᠋ᠷ ᠸᠠᠩ ᠲᠤᠤ ᠬᠤᠷᠠᠯ ᠳᠤ ᠤᠷᠤᠯᠴᠠᠵᠤ ᠵᠢᠭᠠᠨ ᠵᠢᠯᠤᠭᠤᠳ᠋ᠤᠭᠰᠠᠨ ᠪᠦᠭᠡᠳ ᠦᠨᠡᠯᠡᠯᠳ᠋ᠡ ᠬᠢᠪᠡ᠃

ᠬᠤᠷᠠᠯ ᠲᠡᠭᠡᠷ᠎ᠠ᠂ ᠴᠠᠭᠳ᠋ᠠᠨ ᠪᠠᠢ᠌ᠴᠠᠭᠠᠬᠤ ᠠᠯᠪᠠᠨ ᠭᠡᠷ ᠤᠨ ᠨᠦ᠋ᠬᠦᠳ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠳᠤ ᠪᠤᠰᠤᠳᠴᠢ ᠪᠦᠭᠡᠳ ᠤᠨᠤᠪᠴᠢᠳ᠋ᠠᠢ ᠦᠨᠡᠯᠡᠯᠳ᠋ᠡ ᠬᠢᠵᠦ᠂ ᠲᠠᠷᠠᠭᠠᠴᠢ ᠶᠢᠨ ᠠᠯᠬᠤᠮ ᠤᠨ ᠴᠡᠭ᠍ᠴᠡᠯᠡᠨ ᠰᠠᠢ᠌ᠵᠢᠷᠠᠭᠤᠯᠬᠤ ᠠᠵᠢᠯ ᠳᠤ ᠮᠠᠰᠢ ᠴᠢᠩᠭ᠎ᠠ ᠴᠢᠭᠯᠡᠯᠳ᠋ᠦ ᠴᠢᠨᠠᠷ ᠲᠡᠶ ᠪᠦᠭᠡᠳ ᠵᠢᠯᠤᠭᠤᠳᠬᠤ ᠴᠢᠨᠠᠷ ᠲᠡᠶ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠪᠠ᠃

ᠬᠤᠷᠠᠯ ᠡᠴᠡ᠂ ᠴᠠᠭᠳ᠋ᠠᠨ ᠪᠠᠢ᠌ᠴᠠᠭᠠᠵᠤ ᠴᠡᠭ᠍ᠴᠡᠯᠡᠨ ᠰᠠᠢ᠌ᠵᠢᠷᠠᠭᠤᠯᠬᠤ ᠱᠠᠭᠠᠷᠳ᠋ᠠᠯᠭ᠎ᠠ ᠪᠠᠷ᠂ ᠠᠰᠠᠭᠤᠳ᠋ᠠᠯ ᠢ ᠪᠠᠢ᠌ᠴᠠᠭᠠᠨ ᠲᠡᠯᠭᠡᠵᠦ ᠴᠡᠭ᠍ᠴᠡᠯᠡᠨ ᠰᠠᠢ᠌ᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠢ᠌ᠳ᠋ᠤᠷ ᠠᠳᠬᠤᠨ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠠᠰᠠᠭᠤᠳ᠋ᠠᠯ ᠢ ᠪᠦᠬᠦ ᠲᠠᠯ᠎ᠠ ᠪᠠᠷ ᠲᠠᠨᠢᠵᠤ᠂ ᠠᠰᠠᠭᠤᠳ᠋ᠠᠯ ᠳᠤ ᠢᠳ᠋ᠡᠪᠬᠢᠳ᠋ᠠᠢ ᠬᠠᠷᠢᠭᠤᠯᠳ᠋ᠠ ᠦᠭᠬᠦ ᠶᠢᠨ ᠬᠠᠮᠳ᠋ᠤ ᠠᠰᠠᠭᠤᠳ᠋ᠠᠯ ᠤᠨ ᠲᠠᠩᠰᠠ ᠭᠠᠷᠭᠠᠨ᠂ ᠮᠡᠳ᠋ᠡᠭ᠍ᠰᠡᠨ ᠲᠠᠷᠤᠢ ᠳ᠋ᠤᠨᠢ ᠴᠡᠭ᠍ᠴᠡᠯᠡᠨ ᠰᠠᠢ᠌ᠵᠢᠷᠠᠭᠤᠯᠵᠤ᠂ ᠨᠠᠢ᠌ᠳ᠋ᠠᠪᠤᠷᠢᠵᠢᠭᠤᠯᠬᠤ ᠶᠢ ᠬᠦᠴᠦᠯᠡᠨ ᠰᠠᠢ᠌ᠳ᠋ᠤᠷ ᠠᠳᠬᠤᠨ᠂ ᠬᠤᠷᠠᠯ ᠤᠨ ᠦᠷ᠎ᠠ ᠪᠦᠳ᠋ᠦᠭᠡᠯ ᠢ ᠠᠵᠢᠯ ᠤᠨ ᠬᠦᠴᠦᠨ ᠴᠢᠳ᠋ᠠᠪᠤᠷᠢ ᠪᠤᠯᠭᠠᠨ ᠬᠤᠪᠢᠷᠠᠭᠤᠯᠬᠤ ᠶᠢ ᠴᠢᠬᠤᠯᠠᠴᠢᠯᠠᠵᠤ᠂ ᠲᠤᠰ ᠤᠳ᠋ᠠᠭᠠᠨ ᠤ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠤᠨ ᠤᠯᠤᠭᠰᠠᠨ ᠦᠷ᠎ᠠ ᠪᠦᠳ᠋ᠦᠭᠡᠯ ᠢ ᠪᠦᠬᠦ ᠲᠠᠯ᠎ᠠ ᠪᠠᠷ ᠡᠮᠬᠢᠯᠡᠨ ᠵᠠᠳ᠋ᠠᠯᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠯ᠎ᠠ ᠲᠦ᠋ᠷᠦᠯ ᠤᠨ ᠠᠵᠢᠯ ᠢ ᠦᠷᠭᠦᠯᠵᠢᠯᠡᠨ ᠵᠢᠷᠤᠮᠵᠢᠭᠤᠯᠵᠤ᠂ ᠪᠠᠢ᠌ᠭᠤᠯᠭ᠎ᠠ ᠶᠢᠨ ᠬᠠᠮᠢᠶᠠᠷᠤᠯᠳ᠋ᠠ ᠶᠢᠨ ᠲᠤᠭᠳ᠋ᠠᠴᠠ ᠶᠢᠨ ᠭᠡᠭᠡᠭ᠍ᠳ᠋ᠡᠵᠦ ᠤᠷᠬᠢᠭᠳ᠋ᠠᠭᠰᠠᠨ ᠢ ᠴᠠᠭ ᠲᠤᠬᠠᠢ ᠲᠤᠨᠢ ᠪᠠᠢ᠌ᠴᠠᠭᠠᠨ ᠨᠦ᠋ᠬᠦᠪᠦᠷᠢᠯᠡᠨ᠂ ᠠᠵᠢᠯ ᠤᠨ ᠡᠭᠡᠯᠵᠢᠯᠡᠯ ᠶᠠᠪᠤᠴᠠ ᠶᠢ ᠨᠠᠷᠢᠯᠢᠭᠵᠢᠭᠤᠯᠵᠤ᠂ ᠡᠯ᠎ᠠ ᠵᠦ᠋ᠢᠯ ᠤᠨ ᠬᠠᠮᠢᠶᠠᠷᠤᠯᠳ᠋ᠠ ᠶᠢ ᠲᠦ᠋ᠷᠢᠮᠵᠢᠭᠦᠯᠬᠦ᠂ ᠵᠢᠷᠤᠮᠵᠢᠭᠤᠯᠬᠤ᠂ ᠪᠠᠢ᠌ᠩᠭ᠋ᠤᠵᠢᠭᠤᠯᠬᠤ ᠶᠢ ᠪᠡᠶᠡᠯᠡᠭᠦᠯᠬᠦ ᠬᠡᠷᠡᠭ᠍ᠳ᠋ᠠᠢ ᠭᠡᠵᠦ ᠱᠠᠭᠠᠷᠳ᠋ᠠᠪᠠ᠃ (ᠯᠸᠢ ᠫᠠᠩ)