ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠦᠷᠨᠢᠭᠦᠯᠪᠡ

ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠤᠳ᠋ᠤᠷᠢᠳᠬᠤ ᠲᠤᠭᠤᠢ᠌ᠯᠠᠩ ᠤᠨ ᠠᠯᠪᠠᠨ ᠭᠡᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠬᠤ ᠲᠤᠬᠠᠢ ᠮᠡᠳ᠋ᠡᠭ᠍ᠳ᠋ᠡᠯ ᠤᠨ ᠱᠠᠭᠠᠷᠳ᠋ᠠᠯᠭ᠎ᠠ ᠪᠠᠷ᠂ 8 ᠰᠠᠷ᠎ᠠ ᠶᠢᠨ 6 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠦᠷᠨᠢᠭᠦᠯᠦᠨ᠂ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠡᠭᠦᠷ ᠤᠨ ᠠᠵᠢᠯ ᠤᠨ ᠲᠦ᠋ᠷᠢᠮ (ᠲᠤᠷᠰᠢᠨ ᠬᠡᠷᠡᠭ᠍ᠵᠢᠭᠦᠯᠬᠦ)》 (ᠲᠤᠷᠤᠭᠰᠢ 《ᠲᠦ᠋ᠷᠢᠮ》 ᠭᠡᠵᠦ ᠲᠤᠪᠴᠢᠯᠠᠨ᠎ᠠ)᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠲᠤᠳ᠋ᠤᠭᠠᠳ᠋ᠤ ᠶᠢᠨ ᠬᠠᠦᠯᠢ ᠲᠤᠭᠳ᠋ᠠᠭᠠᠯ ᠤᠨ ᠰᠢᠰᠲ᠋ᠸᠮ ᠵᠡᠷᠭᠡ ᠠᠭᠤᠯᠭ᠎ᠠ ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠬᠤᠷᠠᠯ ᠳᠤ ᠰᠠᠭᠠᠳ᠋ᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠬᠤᠷᠠᠯ ᠡᠷᠬᠢᠯᠡᠭ᠍ᠰᠡᠨ ᠪᠦᠭᠡᠳ ᠲᠠᠭᠠᠭᠤᠯᠤᠨ ᠰᠤᠷᠤᠯᠴᠠᠪᠠ᠃


ᠬᠤᠷᠠᠯ ᠡᠴᠡ᠂ ᠪᠠᠢ᠌ᠭᠤᠯᠭ᠎ᠠ ᠶᠢᠨ ᠨᠠᠮ ᠤᠨ ᠡᠭᠦᠷ ᠤᠨ ᠵᠢᠷᠤᠮᠵᠢᠭᠰᠡᠨ ᠪᠠᠢ᠌ᠭᠤᠯᠤᠯᠳ᠋ᠠ ᠶᠢ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠪᠡᠬᠢᠯᠡᠯᠳ᠋ᠡ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠨᠠᠮ ᠤᠨ ᠭᠡᠰᠢᠭᠦᠨ ᠤ ᠬᠦᠮᠦᠵᠢᠯ ᠬᠠᠮᠢᠶᠠᠷᠤᠯᠳ᠋ᠠ ᠶᠢᠨ ᠲᠦ᠋ᠪᠰᠢᠨ ᠢ ᠲᠠᠰᠤᠷᠠᠯᠳ᠋ᠠ ᠦᠭᠡᠶ ᠲᠡᠭᠡᠭ᠍ᠰᠢᠯᠡᠭᠦᠯᠦᠨ᠂ ᠪᠦᠬᠦ ᠨᠠᠮ ᠤᠨ ᠭᠡᠰᠢᠭᠦᠨ ᠺᠠᠳ᠋ᠷ ᠢ ᠬᠦᠳ᠋ᠦᠯᠦᠨ ᠵᠢᠯᠤᠭᠤᠳᠴᠦ ᠰᠢᠨ᠎ᠠ ᠦᠵᠡᠯ ᠰᠠᠨᠠᠭ᠎ᠠ ᠶᠢ ᠦᠢᠯᠡᠳ᠋ᠦᠯᠭᠡᠵᠢᠭᠦᠯᠵᠦ᠂ ᠰᠢᠨ᠎ᠠ ᠴᠠᠭ ᠦᠶ᠎ᠠ ᠲᠡᠶ ᠵᠤᠬᠢᠴᠡᠨ᠂ ᠰᠢᠨ᠎ᠠ ᠵᠢᠳᠭᠦᠯ ᠴᠢᠷᠮᠠᠢ᠌ᠯᠭ᠎ᠠ ᠭᠠᠷᠭᠠᠵᠤ᠂ ᠪᠦᠬᠦ ᠨᠠᠮ ᠤᠨ ᠭᠡᠰᠢᠭᠦᠨ ᠺᠠᠳ᠋ᠷ ᠠᠵᠢᠯᠳ᠋ᠡᠨ ᠬᠤᠷᠠᠯ ᠤᠨ ᠲᠠᠷᠠᠭ᠎ᠠ ᠨᠠᠷᠢᠨ ᠬᠢᠨᠠᠮᠠᠭᠠᠢ ᠦᠪᠡᠰᠦᠪᠡᠨ ᠰᠤᠷᠤᠯᠴᠠᠨ᠂ 《ᠲᠦ᠋ᠷᠢᠮ》 ᠵᠢᠴᠢ ᠨᠠᠮ ᠤᠨ ᠲᠤᠳ᠋ᠤᠭᠠᠳ᠋ᠤ ᠶᠢᠨ ᠡᠯ᠎ᠠ ᠵᠦ᠋ᠢᠯ ᠤᠨ ᠬᠠᠦᠯᠢ ᠲᠤᠭᠳ᠋ᠠᠭᠠᠯ ᠲᠦ᠋ᠷᠢᠮ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠨ ᠨᠡᠪᠳ᠋ᠡᠷᠡᠳ᠋ᠡᠯᠠ ᠤᠢ᠌ᠯᠠᠭᠠᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦ᠋ᠪ ᠬᠤᠷᠢᠶᠠᠨ ᠤ ᠰᠢ᠌ᠳᠪᠦᠷᠢᠳ᠋ᠦ ᠪᠤᠳ᠋ᠤᠯᠭ᠎ᠠ ᠪᠠᠢ᠌ᠷᠢᠯᠠᠭᠤᠯᠤᠯᠳ᠋ᠠ ᠲᠡᠭᠡᠷ᠎ᠠ ᠦᠨᠡᠨ ᠬᠦ ᠨᠢᠭᠡᠳᠭᠡᠨ᠂ ᠨᠠᠮ ᠤᠨ ᠪᠠᠢ᠌ᠭᠤᠯᠤᠯᠳ᠋ᠠ ᠶᠢᠨ ᠠᠵᠢᠯ ᠶᠢᠡᠷ ᠤᠳ᠋ᠤᠷᠢᠳ᠋ᠤᠮᠵᠢ ᠪᠤᠯᠭᠠᠵᠤ᠂ ᠡᠯ᠎ᠠ ᠵᠦ᠋ᠢᠯ ᠤᠨ ᠠᠵᠢᠯ ᠤᠨ ᠨᠠᠢ᠌ᠳ᠋ᠠᠪᠤᠷᠢᠵᠢᠭᠤᠯᠤᠯᠳ᠋ᠠ ᠶᠢ ᠪᠦᠬᠦ ᠲᠠᠯ᠎ᠠ ᠪᠠᠷ ᠠᠬᠢᠭᠤᠯᠤᠨ᠂ ᠨᠡᠩ ᠦᠨᠳ᠋ᠦᠷ ᠪᠠᠷᠢᠮᠵᠢᠶ᠎ᠠ ᠪᠠᠷ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠯ᠎ᠠ ᠵᠦ᠋ᠢᠯ ᠤᠨ ᠠᠵᠢᠯ ᠢ ᠦᠨᠡᠨ ᠬᠦ ᠰᠠᠢ᠌ᠳ᠋ᠤᠷ ᠠᠳᠬᠤᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠰᠢᠨ᠎ᠠ ᠲᠡᠭ᠍ᠳ᠋ᠡᠷ ᠲᠤ ᠭᠠᠷᠬᠤ ᠶᠢ ᠠᠬᠢᠭᠤᠯᠬᠤ ᠬᠡᠷᠡᠭ᠍ᠳ᠋ᠠᠢ ᠭᠡᠵᠦ ᠱᠠᠭᠠᠷᠳ᠋ᠠᠪᠠ᠃

ᠬᠤᠷᠠᠯ ᠲᠡᠭᠡᠷ᠎ᠠ ᠪᠠᠰᠠ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠦᠶᠡᠷ ᠢ ᠰᠡᠷᠭᠡᠢ᠌ᠯᠡᠬᠦ ᠵᠡᠷᠭᠡ ᠠᠵᠢᠯ ᠢ ᠲᠠᠬᠢᠨ ᠲᠤᠬᠢᠷᠠᠭᠤᠯᠵᠤ ᠲᠠᠬᠢᠨ ᠪᠠᠢ᠌ᠷᠢᠯᠠᠭᠤᠯᠪᠠ᠃ (ᠯᠸᠢ ᠫᠠᠩ)