ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ᠁
ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠤᠰᠢᠭᠤᠨ ᠳᠤ ᠢᠷᠡᠵᠦ ᠬᠦᠳ᠋ᠡᠭᠡ ᠲᠤᠰᠬᠤᠨ ᠮᠠᠯᠵᠢᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ ᠠᠵᠢᠯ ᠢ ᠪᠠᠢ᠌ᠴᠠᠭᠠᠨ ᠰᠤᠳ᠋ᠤᠯᠪᠠ


       
            8 ᠰᠠᠷ᠎ᠠ ᠶᠢᠨ 9 ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠤᠰᠢᠭᠤᠨ ᠳᠤ ᠢᠷᠡᠵᠦ ᠬᠦᠳ᠋ᠡᠭᠡ ᠲᠤᠰᠬᠤᠨ ᠮᠠᠯᠵᠢᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ ᠠᠵᠢᠯ ᠢ ᠪᠠᠢ᠌ᠴᠠᠭᠠᠨ ᠰᠤᠳ᠋ᠤᠯᠪᠠ᠃ ᠬᠤᠰᠢᠭᠤᠨ ᠤ ᠤᠳ᠋ᠤᠷᠢᠳ᠋ᠤᠯᠭ᠎ᠠ ᠪᠠᠢ ᠶᠠᠨ ᠰᠢᠦᠸᠠᠢ᠂ ᠼᠦ᠋ᠢ ᠯᠸᠢ ᠯᠸᠢ᠂ ᠳ᠋ᠦ᠋ᠩ ᠭᠤᠸᠠᠩ ᠢᠦᠢ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠪᠠ᠃

       
              ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠲᠤᠯᠤᠳ᠋ᠤ ᠰᠤᠮᠤ ᠶᠢᠨ ᠰᠢᠷᠡᠭᠡᠳ᠋ᠦ ᠭᠠᠴᠠᠭ᠎ᠠ᠂ ᠯᠦ᠋ᠪᠸᠢ ᠪᠠᠯᠭᠠᠰᠤᠨ ᠤ ᠶᠡᠬᠡ ᠪᠡᠶ᠎ᠠ ᠲᠤᠰᠬᠤᠨ᠂ ᠢᠦᠢ ᠫᠤᠤ ᠽᠢ ᠲᠤᠰᠬᠤᠨ ᠳᠤ ᠬᠦᠷᠴᠦ᠂ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ ᠪᠦᠬᠦ ᠬᠤᠰᠢᠭᠤᠨ ᠤ ᠬᠦᠳ᠋ᠡᠭᠡ ᠲᠤᠰᠬᠤᠨ ᠮᠠᠯᠵᠢᠬᠤ ᠤᠷᠤᠨ ᠤ ᠬᠤᠭ ᠨᠤᠪᠰᠢ ᠶᠢ ᠠᠷᠢᠯᠭᠠᠨ ᠵᠠᠰᠠᠭᠰᠠᠨ᠂ ᠵᠤᠷᠯᠤᠩ ᠤᠨ ᠬᠤᠪᠢᠰᠬᠠᠯ᠂ ᠦᠵᠡᠰᠭᠦᠯᠡᠭ᠍ᠳ᠋ᠦ ᠰᠠᠢ᠌ᠬᠠᠨ ᠬᠦᠳ᠋ᠡᠭᠡ ᠲᠤᠰᠬᠤᠨ ᠤ ᠪᠦᠳ᠋ᠦᠭᠡᠨ ᠪᠠᠢ᠌ᠭᠤᠯᠤᠯᠳ᠋ᠠ ᠵᠡᠷᠭᠡ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ ᠠᠵᠢᠯ ᠤᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

         
           ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠵᠠᠷᠤᠳ ᠬᠤᠰᠢᠭᠤᠨ ᠤ ᠡᠯ᠎ᠠ ᠭᠠᠵᠠᠷ᠂ ᠡᠯ᠎ᠠ ᠰᠠᠯᠠᠭ᠎ᠠ ᠮᠦ᠋ᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠤᠳ᠋ᠠᠳ᠋ᠠᠢ᠌ᠵᠢᠭᠤᠯᠤᠨ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠤᠷᠳ᠋ᠤ ᠦᠷ᠎ᠠ ᠪᠦᠳ᠋ᠦᠮᠵᠢᠳ᠋ᠦ ᠲᠤᠭᠳ᠋ᠠᠴᠠ ᠶᠢ ᠪᠠᠢ᠌ᠭᠤᠯᠵᠤ᠂ ᠬᠦᠳ᠋ᠡᠭᠡ ᠲᠤᠰᠬᠤᠨ ᠮᠠᠯᠵᠢᠬᠤ ᠤᠷᠤᠨ ᠤ ᠤᠷᠴᠢᠨ ᠲᠤᠭᠤᠷᠢᠨ ᠢ ᠪᠠᠢ᠌ᠩᠭ᠋ᠤᠵᠢᠭᠤᠯᠬᠤ ᠶᠢ ᠪᠡᠶᠡᠯᠡᠭᠦᠯᠬᠦ ᠶᠢ ᠪᠠᠷᠢᠮᠳ᠋ᠠᠯᠡᠨ᠂ ᠲᠡᠭᠡᠳ᠋ᠦ ᠬᠡᠮᠵᠢᠶᠡᠨ ᠤ ᠬᠠᠷᠢᠭᠤᠴᠠᠯᠭᠠᠳ᠋ᠤ ᠰᠡᠳᠭᠢᠯᠭᠡ᠂ ᠦᠢᠯᠡᠰ ᠪᠤᠰᠬᠠᠬᠤ ᠵᠤᠷᠢᠭ ᠶᠢᠡᠷ ᠬᠦᠳ᠋ᠡᠭᠡ ᠲᠤᠰᠬᠤᠨ ᠮᠠᠯᠵᠢᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠢ᠌ᠳ᠋ᠤᠷ ᠠᠳᠬᠤᠵᠤ᠂ ᠤᠯᠠᠨ ᠲᠦ᠋ᠮᠡᠨ ᠢ ᠢᠳ᠋ᠡᠪᠬᠢᠳ᠋ᠠᠢ ᠲᠠᠢ᠌ᠴᠢᠯᠠᠨ ᠤᠷᠤᠯᠴᠠᠭᠤᠯᠵᠤ᠂ ᠤᠬᠠᠭᠤᠯᠭ᠎ᠠ ᠶᠢᠨ ᠬᠦᠴᠦᠨ ᠢ ᠴᠢᠩᠭ᠋ᠠᠳᠬᠠᠨ᠂ ᠮᠠᠯᠴᠢᠨ ᠲᠠᠷᠢᠶᠠᠴᠢᠳ ᠢ ᠬᠦᠮᠦᠵᠢᠭᠦᠯᠤᠨ ᠵᠢᠯᠤᠭᠤᠳᠴᠦ ᠰᠠᠢ᠌ᠨ ᠰᠠᠢ᠌ᠬᠠᠨ ᠠᠮᠢᠳ᠋ᠤᠷᠠᠬᠤ ᠵᠠᠩ ᠲᠠᠳᠬᠠᠯ ᠢ ᠪᠤᠢ ᠪᠤᠯᠭᠠᠨ᠂ ᠬᠦᠳ᠋ᠡᠭᠡ ᠲᠤᠰᠬᠤᠨ ᠮᠠᠯᠵᠢᠬᠤ ᠤᠷᠤᠨ ᠤ ᠤᠷᠴᠢᠨ ᠲᠤᠭᠤᠷᠢᠨ ᠤ ᠪᠦᠬᠦᠯᠢ ᠴᠤᠭᠴᠠ ᠶᠢ ᠲᠡᠭᠡᠭ᠍ᠰᠢᠯᠡᠬᠦᠯᠬᠦ ᠶᠢ ᠠᠬᠢᠭᠤᠯᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠦᠵᠡᠰᠭᠦᠯᠡᠭ᠍ᠳ᠋ᠦ ᠰᠠᠢ᠌ᠬᠠᠨ ᠬᠦᠳ᠋ᠡᠭᠡ ᠲᠤᠰᠬᠤᠨ ᠢ ᠪᠠᠢ᠌ᠭᠤᠯᠬᠤ ᠳᠤ ᠪᠠᠳ᠋ᠤ ᠪᠡᠬᠢ ᠰᠠᠭᠤᠷᠢ ᠶᠢ ᠲᠠᠯᠪᠢᠵᠤ ᠦᠭ‍ᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠂ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠳ᠋ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠪᠠᠶᠠᠠᠠᠠᠭᠤᠯᠠ ᠭᠠᠴᠠᠭᠠᠨ ᠳᠤ ᠬᠦᠷᠴᠦ ᠪᠠᠢ᠌ᠴᠠᠭᠠᠨ ᠰᠤᠳᠤᠯᠪᠠ