ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠪᠠᠶᠠᠠᠠᠠᠭᠤᠯᠠ ᠭᠠᠴᠠᠭᠠᠨ ᠳᠤ ᠬᠦᠷᠴᠦ ᠪᠠᠢ᠌ᠴᠠᠭᠠᠨ ᠰᠤᠳᠤᠯᠪᠠ

8 ᠰᠠᠷ᠎ᠠ ᠶᠢᠨ 10 ᠤ ᠡᠳ᠋ᠦᠷ᠂ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠪᠠᠶᠠᠠᠠᠠᠭᠤᠯᠠ ᠭᠠᠴᠠᠭᠠᠨ ᠳᠤ ᠬᠦᠷᠴᠦ ᠪᠠᠢ᠌ᠴᠠᠭᠠᠨ ᠰᠤᠳ᠋ᠤᠯᠵᠤ᠂ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠨ ᠰᠤᠳ᠋ᠤᠯᠪᠠ᠃

ᠪᠠᠢ᠌ᠴᠠᠭᠠᠨ ᠰᠤᠳ᠋ᠤᠯᠬᠤ ᠲᠤᠮᠳ᠋ᠠ᠂ ᠡᠦ ᠴᠢᠩ ᠬᠠᠢ ᠭᠠᠴᠠᠭᠠᠨ ᠤ ᠬᠠᠷᠢᠭᠤᠴᠠᠯᠭᠠᠳ᠋ᠠᠨ ᠪᠠ ᠮᠠᠯᠴᠢᠳ ᠲᠡᠶ ᠲᠤᠳ᠋ᠤᠨᠤᠰᠤᠭ ᠶᠢᠡᠷ ᠶᠠᠷᠢᠯᠴᠡᠨ᠂ ᠭᠠᠴᠠᠭᠠᠨ ᠤ ᠮᠠᠯ ᠠᠵᠤ ᠠᠬᠤᠢ ᠶᠢ ᠲᠡᠵᠢᠭᠡᠨ ᠦᠷᠡᠵᠢᠭᠦᠯᠬᠦ᠂ ᠮᠠᠯᠴᠢᠳ ᠤᠨ ᠦᠢᠯᠡᠳᠪᠦᠷᠢᠯᠡᠯ ᠠᠮᠢᠳ᠋ᠤᠷᠠᠯ᠂ ᠭᠠᠴᠠᠭᠠᠨ ᠤ ᠬᠠᠮᠳ᠋ᠤ ᠶᠢᠨ ᠠᠵᠤ ᠠᠬᠤᠢ᠂ ᠰᠠᠭᠤᠷᠢ ᠲᠦ᠋ᠭᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ ᠵᠢᠴᠢ ᠦᠶᠡᠷ ᠢ ᠰᠡᠷᠭᠡᠢ᠌ᠯᠡᠬᠦ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠭᠠᠴᠠᠭᠠᠨ ᠤ ᠬᠦᠭ᠍ᠵᠢᠯᠳ᠋ᠡ ᠶᠢᠨ ᠲᠦ᠋ᠯᠦᠪᠯᠡᠭᠡ ᠪᠠ ᠮᠠᠯᠴᠢᠳ ᠤᠨ ᠤᠷᠤᠯᠭ᠎ᠠ ᠶᠢ ᠨᠡᠮᠡᠭ᠍ᠳ᠋ᠡᠭᠦᠯᠬᠦ ᠰᠠᠢ᠌ᠨ ᠰᠡᠳᠭᠢᠮᠵᠢ᠂ ᠰᠠᠢ᠌ᠨ ᠠᠷᠭ᠎ᠠ ᠶᠢ ᠬᠠᠮᠳ᠋ᠤᠪᠠᠷ ᠶᠠᠷᠢᠯᠴᠠᠭᠰᠠᠨ ᠪᠠᠢ᠌ᠨ᠎ᠠ᠃


ᠡᠦ ᠴᠢᠩ ᠬᠠᠢ ᠡᠴᠡ᠂ ᠪᠠᠶᠠᠷᠳ᠋ᠤᠬᠤᠰᠢᠭᠤ ᠪᠠᠯᠭᠠᠰᠤᠨ ᠤ ᠬᠤᠶᠠᠷ ᠱᠠᠳ᠋ᠤᠨ ᠤ ᠨᠠᠮ ᠤᠨ ᠭᠡᠰᠢᠭᠦᠨ ᠺᠠᠳ᠋ᠷᠴᠤᠳ ᠤᠯᠠᠨ ᠲᠦ᠋ᠮᠡᠨ ᠳᠤ ᠢᠯᠡᠭᠦᠦ ᠪᠤᠳ᠋ᠠᠳ᠋ᠤ ᠶᠠᠪᠤᠳ᠋ᠠᠯ ᠬᠢᠵᠦ᠂ ᠰᠤᠯᠢᠯᠴᠠᠭ᠎ᠠ ᠪᠠᠨ ᠴᠢᠩᠭ᠋ᠠᠳᠬᠠᠨ᠂ ᠮᠠᠯᠴᠢᠳ ᠤᠨ ᠦᠵᠡᠯ ᠰᠠᠨᠠᠭᠠᠨ ᠤ ᠲᠠᠨᠢᠯᠳ᠋ᠠ ᠶᠢ ᠲᠡᠭᠡᠭ᠍ᠰᠢᠯᠡᠭᠦᠯᠵᠦ᠂ ᠮᠠᠯᠴᠢᠳ ᠤᠨ ᠤᠷᠤᠯᠭ᠎ᠠ ᠶᠢ ᠨᠡᠮᠡᠭ᠍ᠳ᠋ᠡᠭᠦᠯᠦᠨ ᠴᠢᠨᠡᠭᠡᠯᠢᠭ᠍ᠵᠢᠭᠦᠯᠬᠦ᠂ ᠭᠠᠢ ᠭᠠᠮᠰᠢᠭ ᠢ ᠰᠡᠷᠭᠡᠢ᠌ᠯᠡᠬᠦ᠂ ᠠᠮᠢ ᠠᠬᠤᠢ ᠶᠢ ᠬᠠᠮᠠᠭᠠᠯᠠᠬᠤ᠂ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠵᠡᠷᠭᠡ ᠠᠵᠢᠯ ᠢ ᠰᠠᠢ᠌ᠳ᠋ᠤᠷ ᠵᠢᠯᠤᠭᠤᠳ᠋ᠤᠨ ᠬᠢᠵᠦ᠂ ᠭᠠᠵᠠᠷ ᠤᠷᠤᠨ ᠤ ᠪᠤᠳ᠋ᠠᠳ᠋ᠠᠢ ᠪᠠᠢ᠌ᠳ᠋ᠠᠯ ᠲᠡᠶ ᠨᠢ ᠲᠤᠬᠢᠷᠠᠭᠤᠯᠤᠨ᠂ ᠠᠮᠢ ᠠᠬᠤᠢ ᠦᠷ᠎ᠠ ᠠᠰᠢᠭᠳ᠋ᠤ ᠬᠡᠯᠪᠡᠷᠢ ᠶᠢᠨ ᠤᠳ᠋ᠤ ᠦᠶ᠎ᠠ ᠶᠢᠨ ᠮᠠᠯ ᠠᠵᠤ ᠦᠢᠯᠡᠰ ᠤᠨ ᠬᠦᠭ᠍ᠵᠢᠯᠳ᠋ᠡ ᠶᠢᠨ ᠬᠡᠪ ᠵᠠᠭᠪᠤᠷ ᠢ ᠲᠡᠯᠭᠡᠷᠡᠭᠦᠯᠵᠦ᠂ ᠤᠳ᠋ᠤ ᠦᠶ᠎ᠠ ᠶᠢᠨ ᠪᠤᠬᠢᠷᠳ᠋ᠤᠯ ᠦᠭᠡᠶ ᠠᠮᠢ ᠠᠬᠤᠢ ᠶᠢᠨ ᠮᠠᠯ ᠠᠵᠤ ᠠᠬᠤᠢ ᠶᠢᠨ ᠵᠠᠮ ᠶᠢᠡᠷ ᠵᠠᠮᠨᠠᠨ᠂《ᠬᠤᠨᠢ ᠶᠢ ᠪᠠᠭᠠᠰᠬᠠᠵᠤ ᠦᠬᠡᠷ ᠢ ᠨᠡᠮᠡᠭ᠍ᠳ᠋ᠡᠭᠦᠯᠬᠦ᠂ ᠦᠬᠡᠷ ᠢ ᠨᠡᠮᠡᠭ᠍ᠳ᠋ᠡᠭᠦᠯᠦᠨ ᠮᠠᠯ ᠠᠵᠤ ᠠᠬᠤᠢ ᠶᠢ ᠬᠦᠭ᠍ᠵᠢᠭᠦᠯᠬᠦ᠂ ᠴᠢᠨᠠᠷ ᠢ ᠲᠡᠭᠡᠭ᠍ᠰᠢᠯᠡᠭᠦᠯᠦᠨ ᠦᠷ᠎ᠠ ᠠᠰᠢᠭ ᠢ ᠨᠡᠮᠡᠭ᠍ᠳ᠋ᠡᠭᠦᠯᠬᠦ》ᠪᠠᠢ᠌ᠯᠳ᠋ᠤᠬᠤ ᠪᠤᠳ᠋ᠤᠯᠭ᠎ᠠ ᠶᠢ ᠭᠦᠨᠵᠡᠭᠡᠢ ᠬᠡᠷᠡᠭ᠍ᠵᠢᠭᠦᠯᠵᠦ᠂ ᠮᠠᠯ ᠰᠦ᠋ᠷᠦᠭ᠌ ᠤᠨ ᠪᠦᠳ᠋ᠦᠴᠡ ᠶᠢ ᠲᠤᠬᠢᠷᠠᠭᠤᠯᠬᠤ᠂ ᠡᠭᠦᠯᠳ᠋ᠡᠷ ᠰᠠᠢ᠌ᠵᠢᠷᠠᠭᠤᠯᠤᠨ ᠴᠢᠨᠠᠷ ᠢ ᠨᠢ ᠲᠡᠭᠡᠭ᠍ᠰᠢᠯᠡᠭᠦᠯᠬᠦ᠂ ᠪᠠᠯᠴᠢᠭᠡᠷᠯᠡᠬᠦᠯᠬᠦ ᠶᠢ ᠴᠠᠭᠠᠵᠢᠯᠠᠵᠤ ᠬᠠᠰᠢᠶᠠᠯᠠᠨ ᠲᠡᠵᠢᠭᠡᠬᠦ ᠵᠡᠷᠭᠡ ᠠᠵᠢᠯ ᠢ ᠭᠤᠤᠯᠳ᠋ᠠᠯᠭ᠎ᠠ ᠲᠡᠶ ᠠᠳᠬᠤᠨ᠂ ᠤᠯᠠᠨ ᠲᠦ᠋ᠮᠡᠨ ᠢ ᠲᠠᠭᠠᠭᠤᠯᠤᠨ ᠬᠠᠮᠳ᠋ᠤᠪᠠᠷ ᠪᠠᠶᠠᠵᠢᠨ ᠴᠢᠨᠡᠭᠡᠯᠢᠭ᠍ᠵᠢᠬᠦ ᠢ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

78 ᠨᠠᠰᠤᠳ᠋ᠠᠢ ᠴᠡᠷᠢᠭ᠌ ᠡᠴᠡ ᠬᠠᠯᠠᠭᠳ᠋ᠠᠭᠰᠠᠨ ᠠᠬᠠᠮᠡᠳ ᠨᠠᠰᠤᠳ᠋ᠠᠨ ᠲᠤᠭᠳ᠋ᠠᠮᠠᠯ ᠤᠨ ᠭᠡᠷ ᠲᠤ᠂ ᠡᠦ ᠴᠢᠩ ᠬᠠᠢ ᠨᠠᠰᠤᠳ᠋ᠠᠨ ᠲᠡᠶ ᠲᠤᠳ᠋ᠤᠨᠤᠰᠤᠭ ᠶᠢᠡᠷ ᠶᠠᠷᠢᠯᠴᠡᠨ᠂ ᠪᠡᠶ᠎ᠠ ᠮᠠᠬᠠᠪᠤᠳ ᠤᠨ ᠪᠠᠢ᠌ᠳ᠋ᠠᠯ᠂ ᠭᠡᠷ ᠤᠨ ᠠᠮᠢᠳ᠋ᠤᠷᠠᠯ ᠤᠨ ᠪᠠᠢ᠌ᠳ᠋ᠠᠯ ᠢ ᠨᠠᠷᠢᠯᠢᠭ ᠠᠰᠠᠭᠤᠨ᠂ ᠡᠳ᠋ᠦᠷ ᠲᠤᠳ᠋ᠤᠮ ᠤᠨ ᠠᠮᠢᠳ᠋ᠤᠷᠠᠯ ᠲᠤᠮᠳ᠋ᠠ ᠬᠦᠴᠢᠷᠳ᠋ᠡᠵᠦ ᠪᠠᠢ᠌ᠭ᠎ᠠ ᠵᠢᠴᠢ ᠬᠦᠰᠡᠵᠦ ᠰᠠᠨᠠᠵᠤ ᠪᠠᠢ᠌ᠬᠤ ᠪᠠᠢ᠌ᠳ᠋ᠠᠯ ᠢ ᠤᠢ᠌ᠯᠠᠭᠠᠭᠰᠠᠨ ᠪᠦᠭᠡᠳ ᠭᠡᠷ ᠤᠨ ᠬᠦᠮᠦᠰ ᠪᠠ ᠪᠠᠷ᠎ᠠ ᠪᠤᠯᠤᠭᠰᠠᠨ ᠬᠠᠷᠢᠭᠤᠴᠠᠯᠭᠠᠳ᠋ᠠᠨ ᠲᠤ ᠬᠠᠷᠠᠭᠠᠯᠵᠠᠬᠤ ᠠᠵᠢᠯ ᠢ ᠲᠡᠭᠡᠳ᠋ᠦ ᠬᠡᠮᠵᠢᠶ᠎ᠠ ᠪᠠᠷ ᠴᠢᠬᠤᠯᠠᠴᠢᠯᠠᠨ᠂ ᠨᠠᠰᠤᠳ᠋ᠠᠨ ᠤ ᠪᠡᠶ᠎ᠠ ᠮᠠᠬᠠᠪᠤᠳ ᠤᠨ ᠪᠠᠢ᠌ᠳ᠋ᠠᠯ ᠢ ᠢᠯᠡᠬᠦᠦ ᠠᠩᠬᠠᠷᠴᠦ ᠬᠠᠯᠠᠮᠵᠢᠯᠡᠵᠦ᠂ ᠠᠮᠢᠳ᠋ᠤᠷᠠᠯ ᠲᠤᠮᠳ᠋ᠠᠬᠢ ᠬᠦᠴᠢᠷᠳ᠋ᠡᠯ ᠢ ᠲᠡᠷᠡ ᠲᠠᠷᠤᠢ ᠳ᠋ᠤᠨᠢ ᠤᠢ᠌ᠯᠠᠭᠠᠬᠤ ᠶᠢᠨ ᠬᠠᠮᠳ᠋ᠤ ᠬᠠᠪᠰᠤᠷᠤᠨ ᠰᠢ᠌ᠳᠪᠦᠷᠢᠯᠡᠨ ᠦᠭ᠍ᠴᠦ᠂ ᠨᠠᠰᠤᠳ᠋ᠠᠨ ᠤ ᠦᠳ᠋ᠡᠯᠦᠭᠡ ᠨᠠᠰᠤ ᠪᠠᠨ ᠵᠤᠯ ᠵᠢᠷᠭᠠᠯ ᠲᠡᠶ ᠦᠩᠭᠡᠷᠡᠭᠡᠬᠦ ᠶᠢ ᠪᠠᠳ᠋ᠤᠯᠠᠬᠤ ᠬᠡᠷᠡᠭ᠍ᠳ᠋ᠡᠢ ᠭᠡᠵᠦ ᠵᠠᠬᠢᠪᠠ᠃ (ᠯᠸᠢ ᠫᠠᠩ)