ᠤᠳᠤ ᠶᠢᠨ ᠪᠠᠢ᠌ᠷᠢ᠄ ᠴᠢᠬᠤᠯᠠ ᠮᠡᠳᠡᠭᠡ → ᠬᠦᠷᠢᠶ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠦᠷᠢᠶ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠢᠨᠵᠢᠯᠡᠨ ᠪᠠᠢ᠌ᠴᠠᠭᠠᠬᠤ ᠲᠤᠭᠤᠢ᠌ᠯᠠᠩ ᠮᠠᠨ ᠤ ᠬᠤᠰᠢᠭᠤᠨ ᠳᠤ ᠢᠷᠡᠵᠦ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠢ ᠪᠠᠢ᠌ᠴᠠᠭᠠᠨ ᠰᠢᠨᠵᠢᠯᠡᠪᠡ


       
            8 ᠰᠠᠷ᠎ᠠ ᠶᠢᠨ 12 ᠤ ᠡᠳ᠋ᠦᠷ᠂ ᠬᠦᠷᠢᠶ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠱᠠᠭᠠᠷᠠᠢ ᠬᠦᠷᠢᠶ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠷᠤᠯᠴᠠᠵᠤ ᠰᠢᠨᠵᠢᠯᠡᠨ ᠪᠠᠢ᠌ᠴᠠᠭᠠᠬᠤ ᠲᠤᠭᠤᠢ᠌ᠯᠠᠩ  ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠢ ᠪᠠᠢ᠌ᠴᠠᠭᠠᠨ ᠰᠢᠨᠵᠢᠯᠡᠵᠦ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠡᠦ ᠴᠢᠩ ᠬᠠᠢ᠂ ᠵᠠᠩ ᠶᠦ᠋ᠩ ᠴᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠨ ᠰᠢᠨᠵᠢᠯᠡᠪᠡ᠃

                

       ᠪᠠᠢ᠌ᠴᠠᠭᠠᠨ ᠰᠢᠨᠵᠢᠯᠡᠬᠦ ᠲᠤᠭᠤᠢ᠌ᠯᠠᠩ ᠤᠨ ᠬᠢᠨ ᠤᠷᠢᠳ ᠬᠤᠵᠢᠳ ᠡᠮᠦᠨ᠎ᠠ ᠪᠤᠯᠠᠭᠳ᠋ᠤ ᠮᠦ᠋ᠽᠸᠢ ᠶᠢᠨ ᠤᠷᠳ᠋ᠤᠨ᠂ ᠯᠦ᠋ᠪᠸᠢ ᠵᠡᠭᠡᠯᠢ ᠭᠤᠳ᠋ᠤᠮᠵᠢ ᠶᠢᠨ ᠹᠦ᠋ ᠯᠢ ᠴᠦ᠋ᠨ ᠴᠸᠩ ᠨᠡᠢ᠌ᠭᠡᠮ ᠲᠤᠭᠤᠷᠢᠭ᠂ ᠵᠠᠷᠤᠳ ᠬᠤᠰᠢᠭᠤᠨ ᠤ ᠮᠤᠩᠭ᠋ᠤᠯ ᠦᠨᠳ᠋ᠦᠰᠦᠳ᠋ᠡᠨ ᠤ ᠲᠤᠷᠰᠢᠯᠳ᠋ᠡ ᠶᠢᠨ ᠪᠠᠭ᠎ᠠ ᠰᠤᠷᠭᠠᠭᠤᠯᠢ᠂ ᠵᠠᠷᠤᠳ ᠬᠤᠰᠢᠭᠤᠨ ᠤ ᠬᠠᠳᠬᠤᠮᠠᠯ ᠤᠨ ᠤᠷᠳ᠋ᠤᠨ᠂ ᠪᠠᠶᠠᠷᠳ᠋ᠤᠬᠤᠰᠢᠭᠤ ᠪᠠᠯᠭᠠᠰᠤᠨ ᠤ ᠲᠦ᠋ᠪᠰᠢᠨ ᠭᠠᠴᠠᠭ᠎ᠠ ᠵᠡᠷᠭᠡ ᠭᠠᠵᠠᠷ ᠲᠤ ᠬᠦᠷᠴᠦ᠂ ᠲᠠᠨᠢᠯᠴᠠᠭᠤᠯᠭ᠎ᠠ ᠶᠢ ᠰᠤᠨᠤᠰᠬᠤ᠂ ᠲᠤᠬᠠᠢ ᠶᠢᠨ ᠲᠠᠯᠠᠪᠤᠷ ᠲᠤᠨᠢ ᠲᠤᠭᠤᠷᠢᠨ ᠦᠵᠡᠵᠦ ᠰᠢᠨᠵᠢᠯᠡᠨ ᠪᠠᠢ᠌ᠴᠠᠭᠠᠬᠤ ᠵᠡᠷᠭᠡ ᠬᠡᠯᠪᠡᠷᠢ ᠪᠠᠷ ᠲᠠᠮᠵᠢᠨ ᠮᠠᠨ ᠤ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠤᠨ ᠲᠡᠷᠢᠭᠦᠨ ᠤ ᠲᠤᠷᠰᠢᠯᠭ᠎ᠠ ᠶᠢ ᠨᠠᠷᠢᠨ ᠤᠢ᠌ᠯᠠᠭᠠᠬᠤ ᠶᠢᠨ ᠬᠠᠮᠳ᠋ᠤ ᠭᠦᠨᠵᠡᠭᠡᠢ ᠰᠤᠯᠢᠯᠴᠡᠨ ᠶᠠᠷᠢᠯᠴᠡᠪᠡ᠃

         
           ᠰᠢᠨᠵᠢᠯᠡᠨ ᠪᠠᠢ᠌ᠴᠠᠭᠠᠬᠤ ᠲᠤᠭᠤᠢ᠌ᠯᠠᠩ ᠤᠨ ᠬᠢᠨ ᠮᠠᠨ ᠤ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠢ ᠦᠷᠨᠢᠭᠦᠯᠦᠭ᠍ᠰᠡᠨ ᠪᠠᠢ᠌ᠳ᠋ᠠᠯ ᠢ ᠭᠦᠢᠴᠡᠳ ᠨᠤᠳ᠋ᠠᠯᠠᠭᠰᠠᠨ ᠪᠦᠭᠡᠳ ᠵᠠᠷᠤᠳ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯ ᠤᠨ ᠠᠭᠤᠷ ᠠᠮᠢᠰᠬᠤᠯ ᠭᠦᠨ ᠵᠤᠵᠠᠭᠠᠨ᠂ ᠤᠨᠴᠠᠯᠢᠭ ᠲᠤᠪᠤᠢ᠌ᠮ᠎ᠠ᠂ ᠭᠢᠯᠡᠰ ᠴᠡᠭ᠌ ᠤᠯᠠᠨ ᠪᠠᠢ᠌ᠵᠤ᠂ ᠰᠤᠷᠤᠯᠴᠠᠭᠤᠰᠢᠳ᠋ᠠᠢ ᠪᠠ ᠲᠤᠯᠢ ᠪᠤᠯᠭᠠᠭᠤᠰᠢᠳ᠋ᠠᠢ ᠵᠦ᠋ᠢᠯ ᠤᠯᠠᠨ ᠪᠠᠢ᠌ᠨ᠎ᠠ ᠭᠡᠵᠦ ᠢᠯᠡᠷᠬᠡᠢ᠌ᠯᠡᠵᠡᠭᠡᠪᠡ᠃ ᠬᠤᠢ᠌ᠰᠢᠳ᠋ᠡ ᠬᠤᠶᠠᠷ ᠬᠤᠰᠢᠭᠤᠨ ᠤ ᠰᠤᠯᠢᠯᠴᠠᠭ᠎ᠠ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭ᠋ᠠᠳᠬᠠᠨ᠂ ᠬᠠᠷᠢᠯᠴᠡᠨ ᠠᠬᠢᠭᠤᠯᠵᠤ᠂ ᠴᠦ᠋ᠬᠡᠨ ᠲᠤᠭᠠᠳ᠋ᠤ ᠦᠨᠳ᠋ᠦᠰᠦᠳ᠋ᠡᠨ ᠤ ᠦᠪᠡᠷᠮᠢᠴᠡ ᠤᠨᠴᠠᠯᠢᠭᠳ᠋ᠤ ᠵᠢᠭᠤᠯᠴᠢᠯᠠᠯ ᠤᠨ ᠦᠢᠯᠡᠰ ᠢ ᠬᠦᠭ᠍ᠵᠢᠭᠦᠯᠦᠨ᠂ ᠦᠨᠳ᠋ᠦᠰᠦᠳ᠋ᠡᠨ ᠤ ᠰᠤᠷᠭᠠᠨ ᠬᠦᠮᠦᠵᠢᠯ ᠢ ᠬᠦᠭ᠍ᠵᠢᠭᠦᠯᠬᠦ᠂ ᠦᠨᠳ᠋ᠦᠰᠦᠳ᠋ᠡᠨ ᠤ ᠰᠤᠶᠤᠯ ᠢ ᠤᠯᠠᠮᠵᠢᠯᠡᠨ ᠵᠠᠯᠭᠠᠮᠵᠢᠯᠠᠬᠤ ᠪᠠ ᠬᠠᠮᠠᠭᠠᠯᠠᠬᠤ ᠠᠵᠢᠯ ᠢ ᠴᠢᠩᠭ᠋ᠠᠳᠬᠠᠵᠤ᠂ ᠵᠠᠷᠤᠳ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠡᠭᠦᠳ᠋ᠦᠨ ᠪᠠᠢ᠌ᠭᠤᠯᠬᠤ ᠠᠵᠢᠯ ᠤᠨ ᠬᠠᠮᠳ᠋ᠤᠷᠠᠯᠴᠠᠭ᠎ᠠ ᠰᠤᠯᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠠ ᠶᠢᠨ ᠦᠢᠯᠡᠰ ᠤᠨ ᠬᠦᠭ᠍ᠵᠢᠯᠳ᠋ᠡ ᠶᠢ ᠬᠠᠮᠳ᠋ᠤ ᠪᠠᠷ ᠠᠬᠢᠭᠤᠯᠤᠶ᠎ᠠ ᠭᠡᠵᠦ ᠬᠦᠰᠡᠪᠡ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠪᠠᠶᠠᠠᠠᠠᠭᠤᠯᠠ ᠭᠠᠴᠠᠭᠠᠨ ᠳᠤ ᠬᠦᠷᠴᠦ ᠪᠠᠢ᠌ᠴᠠᠭᠠᠨ ᠰᠤᠳᠤᠯᠪᠠ
ᠳᠠᠷᠠᠭᠠᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳ᠋ᠤᠪᠠ