ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ᠁
ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠵᠢᠷᠭᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ


        


        
            8 ᠰᠠᠷ᠎ᠠ ᠶᠢᠨ 13 ᠤ ᠡᠳ᠋ᠦᠷ᠂ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠵᠢᠷᠭᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠷᠠᠯ ᠢ ᠡᠷᠬᠢᠯᠡᠨ᠂ ᠬᠤᠰᠢᠭᠤᠨ ᠤ ᠤᠳ᠋ᠤᠷᠢᠳ᠋ᠤᠯᠭ᠎ᠠ ᠵᠠᠩ ᠬᠠᠨ ᠰᠦ᠋ᠩ᠂ ᠪᠠᠳ᠋ᠤ᠂ ᠯᠢᠦ ᠰᠢ ᠯᠢᠨ᠂ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠶᠠᠩ ᠭᠧ ᠬᠤᠸᠠ᠂ ᠳ᠋ᠸᠩ ᠭᠤᠸᠠᠩ ᠹᠸᠩ ᠪᠤᠯᠤᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠵᠢᠴᠢ ᠬᠡᠰᠡᠭ᠌ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠬᠤᠷᠠᠯ ᠳᠤ ᠰᠤᠯᠠ ᠤᠷᠤᠯᠴᠠᠪᠠ᠃ ᠲᠤᠰ ᠤᠳ᠋ᠠᠭᠠᠨ ᠤ ᠬᠤᠷᠠᠯ ᠳᠤ ᠤᠷᠤᠯᠴᠠᠬᠤ ᠪᠠᠢ᠌ᠩᠭ᠋ᠤ ᠶᠢᠨ ᠬᠤᠷᠢᠶᠠᠨ ᠤ ᠭᠡᠰᠢᠭᠦᠨ 28 ᠨᠡᠷᠡᠰ᠂ ᠪᠤᠳ᠋ᠠᠳ᠋ᠠᠢ ᠤᠷᠤᠯᠴᠠᠭᠰᠠᠨ ᠨᠢ 22 ᠨᠡᠷᠡᠰ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃

       
             ᠬᠤᠷᠠᠯ ᠡᠴᠡ ᠠᠯᠳ᠋ᠠᠨᠸᠴᠢᠷ ᠤᠨ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠪᠠ ᠪᠠᠢ᠌ᠩᠭ᠋ᠤ ᠶᠢᠨ ᠬᠤᠷᠢᠶᠠᠨ ᠤ ᠭᠡᠰᠢᠭᠦᠨ ᠤ ᠲᠤᠰᠢᠶᠠᠯ ᠡᠴᠡ ᠪᠠᠨ ᠪᠠᠭᠤᠬᠤ ᠶᠢ ᠵᠦ᠋ᠪᠰᠢᠶᠡᠷᠡᠪᠡ︔ ᠬᠤᠷᠠᠯ ᠡᠴᠡ ᠠᠵᠢᠯᠳ᠋ᠡᠨ ᠤ ᠶᠠᠪᠤᠳ᠋ᠠᠯ ᠤᠨ ᠲᠤᠰᠢᠶᠠᠯ ᠳᠤ ᠲᠤᠮᠢᠯᠠᠵᠤ ᠪᠠᠭᠤᠯᠭᠠᠬᠤ ᠵᠦ᠋ᠢᠯᠡᠰ ᠢ ᠶᠠᠪᠤᠭᠳ᠋ᠠᠭᠤᠯᠤᠨ᠂ ᠦᠨᠡᠨᠵᠠᠶᠠᠭ᠎ᠠ ᠶᠢᠨ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠶᠢᠨ ᠲᠤᠰᠢᠶᠠᠯ ᠡᠴᠡ ᠪᠠᠭᠤᠬᠤ᠂ ᠸᠠᠩ ᠶᠠᠨ ᠵᠢᠶ‍ᠦ᠋ᠨ ᠤ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠶᠢᠨ ᠲᠤᠰᠢᠶᠠᠯ ᠡᠴᠡ ᠪᠠᠭᠤᠬᠤ᠂ ᠵᠢᠶᠠᠩ ᠶᠦ᠋ᠩ ᠡᠾᠸ ᠶᠢᠨ ᠬᠤᠰᠢᠭᠤᠨ ᠤ ᠪᠠᠴᠢᠮ ᠪᠠᠢ᠌ᠳ᠋ᠠᠯ ᠢ ᠠᠷᠭᠠᠴᠠᠬᠤ ᠬᠠᠮᠢᠶᠠᠷᠤᠯᠳ᠋ᠠ ᠶᠢᠨ ᠲᠤᠪᠴᠢᠶᠠᠨ ᠤ ᠲᠠᠷᠤᠭ᠎ᠠ ᠶᠢᠨ ᠲᠤᠰᠢᠶᠠᠯ ᠡᠴᠡ ᠪᠠᠭᠤᠬᠤ ᠶᠢ ᠵᠦ᠋ᠪᠰᠢᠶᠡᠷᠡᠪᠡ᠃ 

       
             ᠬᠤᠷᠠᠯ ᠲᠡᠭᠡᠷ᠎ᠠ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠯᠢᠦ ᠶᠤᠤ᠂ ᠳ᠋ᠢᠩ ᡁᠢ ᠭᠠᠩ᠂ ᠳ᠋ᠦ᠋ᠩ ᠭᠤᠸᠠᠩ ᠢᠦᠢ᠂ ᠶᠠᠩ ᠵᠸᠨ ᠴᠢᠩ ᠲᠤᠰ ᠲᠤᠰ ᠲᠤᠰᠢᠶᠠᠯ ᠳᠤ ᠭᠠᠷᠬᠤ ᠶᠠᠷᠢᠶ᠎ᠠ ᠲᠠᠯᠪᠢᠵᠤ᠂ ᠬᠤᠷᠠᠯ ᠡᠴᠡ ᠪᠢᠯᠸᠲ ᠦᠭ‍ᠬᠦ ᠪᠠᠷ ᠲᠠᠮᠵᠢᠨ ᠯᠢᠦ ᠶᠤᠤ ᠶᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠪᠠᠷ ᠲᠤᠮᠢᠯᠠᠵᠤ᠂ ᠳ᠋ᠢᠩ ᡁᠢ ᠭᠠᠩ ᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠪᠠᠷ ᠲᠤᠮᠢᠯᠠᠵᠤ᠂ ᠳ᠋ᠦ᠋ᠩ ᠭᠤᠸᠠᠩ ᠢᠦᠢ ᠶᠢ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠪᠠᠷ ᠲᠤᠮᠢᠯᠠᠵᠤ᠂ ᠶᠠᠩ ᠵᠸᠨ ᠴᠢᠩ ᠢ ᠬᠤᠰᠢᠭᠤᠨ ᠤ ᠰᠤᠷᠭᠠᠨ ᠬᠦᠮᠦᠵᠢᠯ ᠪᠡᠶ᠎ᠠ ᠲᠠᠮᠢᠷ ᠤᠨ ᠲᠤᠪᠴᠢᠶᠠᠨ ᠤ ᠲᠤᠪᠴᠢᠶᠠᠨ ᠲᠠᠷᠤᠭ᠎ᠠ ᠪᠠᠷ ᠲᠤᠮᠢᠯᠠᠪᠠ᠃ ᠡᠦ ᠴᠢᠩ ᠬᠠᠢ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠲᠤ ᠲᠤᠰᠢᠶᠠᠯ ᠳᠤ ᠲᠤᠮᠢᠯᠠᠬᠤ ᠪᠢᠴᠢᠭ᠌ ᠭᠠᠷᠳ᠋ᠠᠭᠤᠯᠤᠨ᠂ ᠯᠢᠦ ᠶᠤᠤ ᠵᠡᠷᠭᠡ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃ 

       

       
           ᠬᠤᠷᠠᠯ ᠡᠴᠡ《 〈ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠭᠡᠨᠡᠳᠳ᠋ᠡ ᠶᠢᠨ ᠬᠡᠷᠡᠭ᠌ ᠢ ᠠᠷᠭᠠᠴᠠᠬᠤ ᠬᠠᠦᠯᠢ〉ᠵᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠮᠡᠳ᠋ᠡᠭᠦᠯᠦᠯᠳ᠋ᠡ》᠂《〈ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠰᠤᠷᠭᠠᠨ ᠬᠦᠮᠦᠵᠢᠯ ᠤᠨ ᠬᠠᠦᠯᠢ〉ᠵᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠮᠡᠳ᠋ᠡᠭᠦᠯᠦᠯᠳ᠋ᠡ》᠂《〈ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢᠭ᠌ ᠤᠨ ᠬᠠᠦᠯᠢ〉 ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠮᠡᠳ᠋ᠡᠭᠦᠯᠦᠯᠳ᠋ᠡ》᠂《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢᠷᠤᠢ ᠶᠢᠨ ᠪᠤᠬᠢᠷᠳ᠋ᠤᠯ ᠢ ᠰᠡᠷᠭᠡᠢ᠌ᠯᠡᠨ ᠵᠠᠰᠠᠬᠤ ᠬᠠᠦᠯᠢ〉ᠵᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠮᠡᠳ᠋ᠡᠭᠦᠯᠦᠯᠳ᠋ᠡ》 ᠪᠠ ᠬᠡᠷᠡᠭ᠌ ᠢ ᠲᠠᠩᠰᠠᠯᠠᠵᠤ ᠬᠢᠨᠠᠨ ᠪᠠᠢ᠌ᠴᠠᠭᠠᠬᠤ ᠠᠵᠢᠯ ᠤᠨ ᠪᠠᠢ᠌ᠳ᠋ᠠᠯ ᠤᠨ ᠲᠤᠬᠠᠢ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ ᠬᠢᠨᠠᠨ ᠵᠦ᠋ᠪᠯᠡᠪᠡ︔ ᠬᠤᠷᠠᠯ ᠡᠴᠡ ᠪᠠᠰᠠ ᠬᠡᠰᠡᠭ᠌ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠰᠢᠶᠠᠯ ᠲᠤᠭᠠᠴᠢᠯᠳ᠋ᠡ ᠶᠢᠨ ᠮᠡᠳ᠋ᠡᠭᠦᠯᠦᠯᠳ᠋ᠡ ᠶᠢ ᠰᠤᠨᠤᠰᠤᠭᠰᠠᠨ ᠪᠦᠭᠡᠳ ᠬᠠᠨᠤᠮᠵᠢ ᠶᠢᠨ ᠬᠡᠮᠵᠢᠶ᠎ᠠ ᠶᠢᠨ ᠦᠨᠡᠯᠡᠯᠳ᠋ᠡ ᠬᠢᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠲᠠᠪᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠤᠨ ᠬᠣᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠪᠠᠢᠭᠤᠯᠭ᠎ᠠ ᠭᠡᠷᠡᠭ ᠢᠶᠡᠷ ᠥᠭᠡᠷᠡᠴᠢᠯᠡᠬᠦ ᠵᠢ ᠠᠬᠢᠭᠤᠯᠬᠤ ᠰᠡᠷᠡᠮᠵᠢ ᠶᠢᠨ ᠬᠦᠮᠤᠵᠢᠯ ᠤᠨ ᠶᠡᠬᠡ ᠬᠤᠷᠠᠯ ᠬᠤᠷᠠᠯᠳᠤᠭᠤᠯᠪᠠ