ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳ᠋ᠤᠪᠠ

8 ᠰᠠᠷ᠎ᠠ ᠶᠢᠨ 17 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠠᠷᠦ ᠬᠦᠨᠳ᠋ᠡᠯᠡᠨ ᠪᠠᠯᠭᠠᠰᠤ᠂ ᠤᠯᠠᠭᠠᠨᠬᠠᠳ᠋ᠠ ᠰᠤᠮᠤ ᠳᠤ ᠬᠦᠷᠴᠦ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳ᠋ᠤᠪᠠ᠃


ᠡᠦ ᠴᠢᠩ ᠬᠠᠢ ᠠᠷᠤ ᠬᠦᠨᠳ᠋ᠡᠯᠡᠨ ᠪᠠᠯᠭᠠᠰᠤᠨ ᠤ ᠠᠮᠤᠭᠤᠯᠠᠩ ᠭᠠᠴᠠᠭ᠎ᠠ᠂ ᠤᠯᠠᠭᠠᠨᠬᠠᠳ᠋ᠠ ᠰᠤᠮᠤᠨ ᠤ ᠬᠤᠩᠬᠤᠳ᠋ᠤ ᠭᠠᠴᠠᠭ᠎ᠠ᠂ ᠲᠦ᠋ᠷᠪᠡᠠᠭᠡᠷ ᠭᠠᠴᠠᠭ᠎ᠠ᠂ ᠴᠠᠭᠠᠠᠡᠩᠭᠡᠷ ᠭᠠᠴᠠᠭ᠎ᠠ ᠵᠡᠷᠭᠡ ᠭᠠᠵᠠᠷ ᠲᠤ ᠬᠦᠷᠴᠦ᠂ ᠬᠤᠰᠢᠭᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠬᠤᠭᠤᠴᠠᠭ᠎ᠠ ᠰᠤᠯᠢᠬᠤ ᠡᠯ᠎ᠠ ᠲᠦ᠋ᠷᠦᠯ ᠤᠨ ᠪᠡᠯᠡᠳᠭᠡᠯ ᠠᠵᠢᠯ ᠤᠨ ᠪᠠᠢ᠌ᠳ᠋ᠠᠯ᠂ 《ᠠᠷᠠᠳ ᠤᠨ ᠲᠦ᠋ᠯᠦᠭᠡᠯᠡᠭ᠍ᠴᠢᠳ ᠤᠨ ᠭᠡᠷ ᠪᠦᠯᠢ》ᠵᠢ ᠠᠰᠢᠭᠯᠠᠵᠤ ᠪᠠᠢ᠌ᠭ᠎ᠠ ᠪᠠᠢ᠌ᠳ᠋ᠠᠯ᠂ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠨ ᠬᠦᠳ᠋ᠡᠯᠭᠡᠭᠡᠨ ᠦᠷᠨᠢᠭᠦᠯᠵᠦ ᠪᠠᠢ᠌ᠭ᠎ᠠ ᠪᠠᠢ᠌ᠳ᠋ᠠᠯ ᠢ ᠨᠠᠷᠢᠯᠢᠭ ᠤᠢ᠌ᠯᠠᠭᠠᠭᠰᠠᠨ ᠪᠦᠭᠡᠳ ᠬᠠᠮᠢᠶ᠎ᠠ ᠪᠦᠬᠦᠢ ᠠᠵᠢᠯ ᠤᠨ ᠲᠤᠮᠳ᠋ᠠ ᠲᠤᠬᠢᠶᠠᠯᠳ᠋ᠤᠭᠰᠠᠨ ᠬᠦᠴᠢᠷ ᠠᠰᠠᠭᠤᠳ᠋ᠠᠯ ᠢ ᠭᠦᠨᠵᠡᠭᠡᠢ ᠰᠤᠳ᠋ᠤᠯᠤᠨ ᠶᠠᠷᠢᠯᠴᠠᠵᠤ᠂ ᠵᠢᠯᠤᠭᠤᠳᠬᠤ ᠴᠢᠨᠠᠷ ᠲᠡᠶ ᠰᠠᠨᠠᠯ ᠰᠠᠨᠠᠭᠤᠯᠭ᠎ᠠ ᠲᠤᠷᠠᠳ᠋ᠤᠪᠠ᠃

ᠬᠤᠶᠠᠷ ᠰᠤᠮᠤ ᠪᠠᠯᠭᠠᠰᠤᠨ ᠤ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠨ ᠬᠦᠳ᠋ᠡᠯᠭᠡᠭᠡᠨ ᠦᠷᠨᠢᠭᠦᠯᠦᠭ᠍ᠰᠠᠨ ᠪᠠ《ᠠᠷᠠᠳ ᠤᠨ ᠲᠦ᠋ᠯᠦᠭᠡᠯᠡᠭ᠍ᠴᠢᠳ ᠤᠨ ᠭᠡᠷ ᠪᠦᠯᠢ》 ᠵᠢ ᠠᠰᠢᠭᠯᠠᠵᠤ ᠪᠠᠢ᠌ᠭ᠎ᠠ ᠪᠠᠢ᠌ᠳ᠋ᠠᠯ ᠢ ᠤᠢ᠌ᠯᠠᠭᠠᠭᠰᠠᠨ ᠤ ᠲᠠᠷᠠᠭ᠎ᠠ᠂ ᠡᠦ ᠴᠢᠩ ᠬᠠᠢ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠨ ᠬᠢᠨ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠭᠤᠤᠯ ᠠᠵᠢᠯ᠂ ᠤᠯᠠᠨ ᠲᠦ᠋ᠮᠡᠨ ᠤ ᠠᠩᠬᠠᠷᠴᠦ ᠪᠠᠢ᠌ᠭ᠎ᠠ ᠬᠠᠯᠠᠮᠰᠢᠯ ᠠᠰᠠᠭᠤᠳ᠋ᠠᠯ ᠪᠠ ᠬᠦᠴᠢᠷ ᠠᠰᠠᠭᠤᠳ᠋ᠠᠯ ᠤᠨ ᠲᠤᠭᠤᠷᠢᠨ ᠳᠤ ᠪᠠᠢ᠌ᠴᠠᠭᠠᠬᠤ᠂ ᠲᠤᠭᠤᠷᠢᠨ ᠦᠵᠡᠬᠦ᠂ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠵᠡᠷᠭᠡ ᠠᠵᠢᠯ ᠢ ᠢᠳ᠋ᠡᠪᠬᠢᠳ᠋ᠠᠢ ᠦᠷᠨᠢᠭᠦᠯᠦᠨ᠂ ᠦᠨ᠎ᠠ ᠦᠷᠳ᠋ᠡᠭ᠌ ᠲᠡᠶ ᠰᠠᠨᠠᠯ ᠰᠠᠨᠠᠭᠤᠯᠭ᠎ᠠ ᠢᠯᠡᠭᠦᠦ ᠲᠤᠷᠠᠳᠴᠦ᠂ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠨ ᠬᠦᠳ᠋ᠡᠯᠭᠡᠭᠡᠨ ᠤ ᠬᠠᠷᠠᠯᠳ᠋ᠠ ᠲᠤᠳ᠋ᠤᠷᠬᠠᠢ᠂ ᠠᠭᠤᠯᠭ᠎ᠠ ᠪᠠᠶᠠᠯᠢᠭ᠂ ᠠᠷᠭ᠎ᠠ ᠠᠪᠴᠠᠯ ᠬᠦᠴᠦᠳᠠᠢ᠂ ᠭᠤᠤᠯᠳ᠋ᠠᠯᠭ᠎ᠠ ᠲᠤᠪᠤᠢ᠌ᠮ᠎ᠠ᠂ ᠦᠷ᠎ᠠ ᠠᠰᠢᠭ ᠢᠯᠡᠷᠭᠡᠢ ᠪᠠᠢ᠌ᠬᠤ ᠶᠢ ᠪᠠᠳ᠋ᠤᠯᠠᠬᠤ ᠶᠢᠨ ᠬᠠᠮᠳ᠋ᠤ᠂《ᠠᠷᠠᠳ ᠤᠨ ᠲᠦ᠋ᠯᠦᠭᠡᠯᠡᠭ᠍ᠴᠢᠳ ᠤᠨ ᠭᠡᠷ ᠪᠦᠯᠢ》ᠵᠢᠨ ᠲᠠᠪᠴᠠᠩ ᠶᠢᠡᠷ ᠲᠠᠮᠵᠢᠨ ᠠᠷᠠᠳ ᠤᠨ ᠲᠦ᠋ᠯᠦᠭᠡᠯᠡᠭ᠍ᠴᠢᠳ ᠤᠨ ᠵᠢᠱᠢᠶᠠᠴᠢ ᠲᠠᠭᠠᠭᠤᠯᠤᠭᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠨᠡᠢ᠌ᠳ᠋ᠡᠯᠢᠭ᠌ ᠵᠢᠱᠢᠶ᠎ᠠ ᠶᠢ ᠪᠤᠢ ᠪᠤᠯᠭᠠᠵᠤ᠂ ᠬᠤᠷᠠᠯ ᠲᠠᠭᠤᠰᠤᠭᠰᠠᠨ ᠬᠤᠭᠤᠴᠠᠭᠠᠨ ᠳ᠋ᠡᠬᠢ ᠠᠷᠠᠳ ᠤᠨ ᠲᠦ᠋ᠯᠦᠭᠡᠯᠡᠭ᠍ᠴᠢᠳ ᠪᠠ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠨ ᠬᠦᠳ᠋ᠡᠯᠭᠡᠭᠡᠨ ᠢ ᠭᠦᠨᠵᠡᠭᠡᠢ ᠦᠷᠨᠢᠭᠦᠯᠵᠦ᠂ ᠪᠤᠳ᠋ᠠᠳ᠋ᠠᠢ ᠦᠷ᠎ᠠ ᠠᠰᠢᠭ ᠤᠯᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃︵ᠯᠸᠢ ᠫᠠᠩ︶