ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ


       
            8 ᠰᠠᠷ᠎ᠠ ᠶᠢᠨ 19 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠤᠯᠤᠰ ᠤᠨ ᠨᠢᠭᠡᠳ᠋ᠦᠯᠳ᠋ᠠᠢ ᠨᠠᠢ᠌ᠷᠠᠭᠤᠯᠤᠭᠰᠠ ᠵᠢᠭᠠᠬᠤ ᠮᠠᠲ᠋ᠸᠷᠢᠶᠠᠯ ᠢ ᠲᠦ᠋ᠭᠡᠮᠡᠯᠵᠢᠭᠦᠯᠦᠨ ᠬᠡᠷᠡᠭ᠍ᠵᠢᠭᠦᠯᠬᠦ ᠠᠵᠢᠯ ᠢ ᠪᠠᠢ᠌ᠴᠠᠭᠠᠨ ᠰᠤᠳ᠋ᠤᠯᠪᠠ᠃ 

     


     
             ᠡᠦ ᠴᠢᠩ ᠬᠠᠢ ᠪᠠᠶᠠᠷᠳ᠋ᠤᠬᠤᠰᠢᠭᠤ ᠰᠤᠷᠭᠠᠭᠤᠯᠢ ᠳᠤ ᠬᠦᠷᠴᠦ ᠰᠤᠷᠭᠠᠨ ᠬᠦᠮᠦᠵᠢᠯ ᠤᠨ ᠵᠢᠭᠠᠬᠤ ᠲᠤᠨᠤᠭ ᠲᠦ᠋ᠭᠦᠭᠡᠷᠦᠮᠵᠢ᠂  ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠠᠢ᠌ᠭᠤᠯᠤᠯᠳ᠋ᠠ᠂ ᠵᠢᠭᠠᠬᠤ ᠮᠠᠲ᠋ᠸᠷᠢᠶᠠᠯ ᠪᠠ ᠪᠠᠭᠰᠢ ᠶᠢᠨ ᠡᠩᠨᠡᠭᠡᠨ ᠤ ᠲᠤᠬᠢᠷᠠᠭᠤᠯᠤᠯᠳ᠋ᠠ ᠵᠡᠷᠭᠡ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠭ᠍ᠰᠡᠨ ᠪᠦᠭᠡᠳ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢᠭ᠌ ᠢ ᠲᠦ᠋ᠭᠡᠮᠡᠯᠵᠢᠭᠦᠯᠦᠨ ᠬᠡᠷᠡᠭ᠍ᠵᠢᠭᠦᠯᠬᠦ ᠠᠵᠢᠯ ᠤᠨ ᠲᠤᠮᠳ᠋ᠠ ᠤᠷᠤᠰᠢᠵᠤ ᠪᠠᠢ᠌ᠬᠤ ᠠᠰᠠᠭᠤᠳ᠋ᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠠᠪᠴᠠᠯ ᠵᠡᠷᠭᠡ ᠲᠠᠯ᠎ᠠ ᠪᠠᠷ ᠬᠦᠨᠵᠡᠭᠡᠢ ᠶᠠᠷᠢᠯᠴᠠᠵᠤ᠂ ᠪᠤᠳ᠋ᠠᠳ᠋ᠠᠢ ᠰᠠᠨᠠᠯ ᠰᠠᠨᠠᠭᠤᠯᠭ᠎ᠠ ᠲᠤᠷᠠᠳᠪᠠ᠃

        
             ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠤᠯᠤᠰ ᠤᠨ ᠨᠢᠭᠡᠳ᠋ᠦᠯᠳ᠋ᠠᠢ ᠨᠠᠢ᠌ᠷᠠᠭᠤᠯᠤᠭᠰᠠᠨ ᠵᠢᠭᠠᠬᠤ ᠮᠠᠲ᠋ᠸᠷᠢᠶᠠᠯ ᠤᠨ ᠲᠦ᠋ᠭᠡᠮᠡᠯᠵᠢᠭᠦᠯᠦᠨ ᠬᠡᠷᠡᠭ᠍ᠵᠢᠭᠦᠯᠬᠦ ᠠᠵᠢᠯ ᠢ ᠭᠦᠢᠴᠡᠳ ᠨᠤᠳ᠋ᠠᠯᠠᠬᠤ ᠶᠢᠨ ᠬᠠᠮᠳ᠋ᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠪᠤᠯᠤᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠬᠤᠰᠢᠭᠤᠴᠢ ᠵᠢᠱᠢᠶᠡᠴᠢ ᠲᠠᠭᠠᠭᠤᠯᠬᠤ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠵᠦ᠂ ᠦᠵᠡᠯ ᠰᠠᠨᠠᠭ᠎ᠠ ᠲᠠᠨᠢᠯᠳ᠋ᠠ ᠪᠠᠨ ᠨᠢᠭᠡᠳᠭᠡᠨ᠂ ᠤᠯᠠᠨ ᠲᠦ᠋ᠮᠡᠨ ᠤ ᠦᠵᠡᠯ ᠰᠠᠨᠠᠭᠠᠨ ᠤ ᠠᠵᠢᠯ ᠢ ᠰᠠᠢ᠌ᠳ᠋ᠤᠷ ᠬᠢᠵᠦ᠂ ᠬᠤᠯᠪᠤᠭᠳ᠋ᠠᠯ ᠪᠦᠬᠦᠢ ᠲᠦ᠋ᠷᠦ ᠶᠢᠨ ᠪᠤᠳ᠋ᠤᠯᠭ᠎ᠠ ᠶᠢ ᠭᠦᠨᠵᠡᠭᠡᠢ ᠨᠠᠷᠢᠯᠢᠭ ᠲᠠᠢ᠌ᠯᠪᠤᠷᠢᠯᠠᠵᠤ᠂ ᠰᠤᠷᠤᠭᠴᠢ ᠪᠠ ᠭᠡᠷ ᠤᠨ ᠠᠬᠠᠮᠠᠳ ᠤᠨ ᠡᠷᠡᠭᠡᠯᠵᠡᠯ ᠢ ᠠᠷᠢᠯᠭᠠᠨ᠂ ᠵᠢᠭᠠᠨ ᠰᠤᠷᠭᠠᠯᠳ᠋ᠠ ᠶᠢᠨ ᠠᠵᠢᠯ ᠤᠨ ᠲᠤᠭᠳ᠋ᠠᠭᠤᠨ ᠶᠢᠡᠷ ᠤᠷᠤᠭᠰᠢᠯᠠᠬᠤ ᠶᠢ ᠪᠠᠳ᠋ᠤᠯᠠᠨ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠡᠯ᠎ᠠ ᠠᠵᠢᠯ ᠢ ᠤᠷᠢᠳᠴᠢᠯᠡᠨ ᠲᠦ᠋ᠰᠦᠪᠯᠡᠵᠦ᠂ ᠲᠦ᠋ᠷᠦ ᠶᠢᠨ ᠪᠤᠳ᠋ᠤᠯᠭ᠎ᠠ ᠶᠢᠨ ᠤᠬᠠᠭᠤᠯᠭ᠎ᠠ ᠂ ᠵᠢᠭᠠᠬᠤ ᠮᠠᠲ᠋ᠸᠷᠢᠶᠠᠯ ᠤᠨ ᠪᠠᠳ᠋ᠤᠯᠠᠭ᠎ᠠ᠂ ᠪᠠᠭᠰᠢ ᠶᠢᠨ ᠪᠤᠯᠪᠠᠰᠤᠷᠠᠯ᠂ ᠦᠶᠡᠷ ᠢ ᠰᠡᠷᠭᠡᠢ᠌ᠯᠡᠬᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠵᠡᠷᠭᠡ ᠠᠵᠢᠯ ᠢ ᠰᠠᠢ᠌ᠳ᠋ᠤᠷ ᠬᠢᠵᠦ᠂ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠤᠷᠤᠭᠰᠢᠳ᠋ᠠᠢ ᠡᠬᠢᠯᠡᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠠᠢ᠌ᠴᠠᠭᠠᠨ ᠵᠢᠯᠤᠭᠤᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠩᠬᠤᠸᠠ ᠨᠡᠢ᠌ᠭᠡᠮ ᠲᠤᠭᠤᠷᠢᠭ ᠲᠤ ᠬᠦᠷᠴᠦ ᠬᠠᠮᠳ᠋ᠤ ᠪᠠᠷ ᠰᠠᠭᠤᠵᠤ ᠬᠠᠮᠳ᠋ᠤ ᠪᠠᠷ ᠪᠠᠢ᠌ᠭᠤᠯᠬᠤ ᠠᠵᠢᠯᠯᠠᠭ᠎ᠠ ᠦᠷᠨᠢᠭᠦᠯᠪᠡ