ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠩᠬᠤᠸᠠ ᠨᠡᠢ᠌ᠭᠡᠮ ᠲᠤᠭᠤᠷᠢᠭ ᠲᠤ ᠬᠦᠷᠴᠦ ᠬᠠᠮᠳ᠋ᠤ ᠪᠠᠷ ᠰᠠᠭᠤᠵᠤ ᠬᠠᠮᠳ᠋ᠤ ᠪᠠᠷ ᠪᠠᠢ᠌ᠭᠤᠯᠬᠤ ᠠᠵᠢᠯᠯᠠᠭ᠎ᠠ ᠦᠷᠨᠢᠭᠦᠯᠪᠡ


       
          《ᠨᠡᠢ᠌ᠭᠡᠮ ᠲᠤᠭᠤᠷᠢᠭ ᠤᠨ〈ᠬᠠᠮᠳ᠋ᠤ ᠪᠠᠷ ᠰᠠᠭᠤᠵᠤ ᠬᠠᠮᠳ᠋ᠤ ᠪᠠᠷ ᠪᠠᠢ᠌ᠭᠤᠯᠬᠤ〉ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳ᠋ᠡᠭ᠍ᠳ᠋ᠡᠯ》 ᠤᠨ ᠱᠠᠭᠠᠷᠳ᠋ᠠᠯᠭ᠎ᠠ ᠶᠤᠰᠤᠭᠠᠷ᠂ 8 ᠰᠠᠷ᠎ᠠ ᠶᠢᠨ 25 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠭ᠎ᠠ ᠶᠢᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠶᠢ ᠵᠤᠬᠢᠶᠠᠨ ᠪᠠᠢ᠌ᠭᠤᠯᠵᠤ ᠯᠦ᠋ᠪᠸᠢ ᠵᠡᠭᠡᠯᠢ ᠭᠤᠳ᠋ᠤᠮᠵᠢ ᠶᠢᠨ ᠰᠢᠩᠬᠤᠸᠠ ᠨᠡᠢ᠌ᠭᠡᠮ ᠲᠤᠭᠤᠷᠢᠭ ᠲᠤ ᠬᠦᠷᠴᠦ᠂ ᠡᠷᠦᠭᠡ ᠳᠤ ᠤᠷᠤᠵᠤ ᠰᠤᠷᠪᠤᠯᠵᠢᠯᠠᠬᠤ ᠠᠷᠭ᠎ᠠ ᠬᠡᠯᠪᠡᠷᠢ ᠪᠠᠷ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠲᠠᠷᠢᠬᠤ ᠤᠬᠠᠭᠤᠯᠭ᠎ᠠ ᠶᠢᠨ ᠠᠵᠢᠯ ᠢ ᠢᠳ᠋ᠡᠪᠬᠢᠳ᠋ᠠᠢ ᠦᠷᠨᠢᠭᠦᠯᠪᠡ᠃

       


       
             ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠪᠤᠯᠤᠨ ᠨᠡᠢ᠌ᠭᠡᠮ ᠲᠤᠭᠤᠷᠢᠭ ᠤᠨ ᠲᠤᠤᠷᠵᠢᠭᠰᠠᠨ ᠬᠠᠮᠢᠶᠠᠷᠤᠯᠳ᠋ᠠ ᠶᠢᠨ ᠠᠵᠢᠯᠳ᠋ᠡᠨ ᠲᠡᠶ ᠬᠠᠮᠳ᠋ᠤ ᠤᠬᠠᠭᠤᠯᠭ᠎ᠠ ᠶᠢᠨ ᠪᠠᠭ᠎ᠠ ᠲᠤᠭᠤᠢ᠌ᠯᠠᠩ ᠪᠠᠢ᠌ᠭᠤᠯᠵᠤ᠂ ᠬᠤᠪᠢᠶᠠᠷᠯᠠᠭᠰᠠᠨ ᠴᠢᠨ ᠶᠤᠸᠠᠨ ᠨᠡᠢ᠌ᠭᠡᠮ ᠲᠤᠭᠤᠷᠢᠭ ᠪᠠ ᠰᠢᠩᠬᠤᠸᠠ ᠨᠡᠢ᠌ᠭᠡᠮ ᠲᠤᠭᠤᠷᠢᠭ ᠤᠨ ᠰᠠᠭᠤᠭᠠᠯᠢ ᠠᠷᠠᠳ ᠤᠨ ᠲᠤᠭᠤᠷᠢᠭ ᠲᠤ ᠭᠦᠨᠵᠡᠭᠡᠢ᠌ᠷᠡᠨ᠂ ᠰᠠᠭᠤᠭᠠᠯᠢ ᠠᠷᠠᠳ ᠤᠨ ᠲᠠᠷᠢᠯᠭ᠎ᠠ ᠲᠠᠷᠢᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠵᠤ᠂ ᠲᠠᠷᠢᠯᠭ᠎ᠠ ᠲᠠᠷᠢᠭ᠎ᠠ ᠦᠭᠡᠶ ᠰᠠᠭᠤᠭᠠᠯᠢ ᠠᠷᠠᠳ ᠲᠤ ᠲᠠᠷᠢᠯᠭ᠎ᠠ ᠲᠠᠷᠢᠬᠤ ᠴᠢᠬᠤᠯᠠ ᠴᠢᠨᠠᠷ ᠪᠠ ᠲᠠᠷᠢᠯᠭ᠎ᠠ ᠶᠢᠨ ᠮᠡᠳ᠋ᠡᠯᠭᠡ ᠵᠢᠴᠢ ᠠᠩᠬᠠᠷᠬᠤ ᠵᠦ᠋ᠢᠯᠡᠰ ᠢ ᠨᠠᠷᠢᠨ ᠲᠠᠢ᠌ᠯᠪᠤᠷᠢᠯᠡᠨ ᠶᠠᠷᠢᠵᠤ ᠦᠭ‍ᠬᠦ ᠪᠠᠷ ᠲᠠᠮᠵᠢᠨ ᠰᠠᠭᠤᠭᠠᠯᠢ ᠠᠷᠠᠳ ᠤᠨ ᠪᠠᠢ᠌ᠳ᠋ᠠᠯ ᠢ ᠤᠢ᠌ᠯᠠᠭᠠᠬᠤ ᠦᠭᠡᠶ ᠡᠴᠡ ᠪᠤᠯᠤᠭᠰᠠᠨ ᠡᠷᠡᠭᠡᠯᠵᠡᠯ ᠢ ᠠᠷᠢᠯᠭᠠᠵᠤ᠂ ᠦᠷᠭᠡᠨ ᠤᠯᠠᠨ ᠰᠠᠭᠤᠭᠠᠯᠢ ᠠᠷᠠᠳ ᠤᠨ ᠢᠳ᠋ᠡᠪᠬᠢᠳ᠋ᠠᠢ ᠲᠠᠷᠢᠯᠭ᠎ᠠ ᠲᠠᠷᠢᠬᠤ ᠶᠢ ᠰᠠᠨᠠᠭᠠᠴᠢᠯᠠᠨ᠂ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠦᠯ ᠤᠨ ᠲᠠᠷᠢᠯᠭ᠎ᠠ ᠲᠠᠷᠢᠬᠤ ᠠᠬᠢᠴᠠ ᠶᠢ ᠪᠦᠬᠦ ᠬᠦᠴᠦᠨ ᠶᠢᠡᠷ ᠠᠬᠢᠭᠤᠯᠵᠤ᠂ ᠪᠦᠬᠦ ᠠᠷᠠᠳ ᠤᠨ ᠬᠢᠵᠢᠭ᠌ ᠢ ᠰᠡᠷᠭᠡᠢ᠌ᠯᠡᠬᠦ ᠬᠠᠯᠬᠠᠪᠴᠢ ᠶᠢ ᠬᠠᠮᠳ᠋ᠤᠪᠠᠷ ᠴᠤᠭᠴᠠᠯᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠰᠤᠳ᠋ᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠠᠵᠢᠯ ᠢ ᠪᠠᠢ᠌ᠴᠠᠭᠠᠨ ᠵᠢᠯᠤᠭᠤᠳᠪᠠ