
8 ᠰᠠᠷ᠎ᠠ ᠶᠢᠨ 25 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠶᠠᠷᠳ᠋ᠤᠬᠤᠰᠢᠭᠤ ᠰᠤᠷᠭᠠᠭᠤᠯᠢ᠂ ᠬᠤᠪᠤᠯᠳ᠋ᠤ ᠭᠠᠴᠠᠭ᠎ᠠ᠂ ᠲᠦ᠋ᠷᠪᠡᠯᠵᠢ ᠭᠠᠴᠠᠭ᠎ᠠ ᠵᠡᠷᠭᠡ ᠭᠠᠵᠠᠷ ᠲᠤ ᠬᠦᠷᠴᠦ᠂ ᠪᠦᠬᠦ ᠪᠠᠯᠭᠠᠰᠤᠨ ᠤᠨ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠶᠢᠨ ᠠᠵᠢᠯ᠂ ᠤᠯᠤᠰ ᠤᠨ ᠨᠢᠭᠡᠳ᠋ᠦᠯᠳ᠋ᠠᠢ ᠨᠠᠢ᠌ᠷᠠᠭᠤᠯᠤᠭᠰᠠᠨ ᠵᠢᠭᠠᠬᠤ ᠮᠠᠲ᠋ᠸᠷᠢᠶᠠᠯ ᠢ ᠲᠦ᠋ᠭᠡᠮᠡᠯᠵᠢᠭᠦᠯᠦᠨ ᠬᠡᠷᠡᠭ᠍ᠵᠢᠭᠦᠯᠦᠭ᠍ᠰᠡᠨ ᠪᠠᠢ᠌ᠳ᠋ᠠᠯ ᠵᠢᠴᠢ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠡᠴᠡ ᠡᠮᠦᠨᠡᠬᠢ ᠡᠯ᠎ᠠ ᠲᠦ᠋ᠷᠦᠯ ᠤᠨ ᠪᠡᠯᠡᠳᠭᠡᠯ ᠠᠵᠢᠯ ᠵᠡᠷᠭᠡ ᠤᠳ᠋ᠤᠬᠠᠨ ᠤ ᠴᠢᠬᠤᠯᠠ ᠠᠵᠢᠯ ᠢ ᠪᠠᠢ᠌ᠴᠠᠭᠠᠨ ᠵᠢᠯᠤᠭᠤᠳᠪᠠ᠃

ᠡᠦ ᠴᠢᠩ ᠬᠠᠢ ᠬᠦᠷᠦᠭ᠍ᠰᠡᠨ ᠭᠠᠵᠠᠷ ᠪᠤᠯᠭᠠᠨ ᠳᠤ᠂ ᠪᠦᠬᠦ ᠪᠠᠯᠭᠠᠰᠤᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠲᠠᠷᠢᠭᠰᠠᠨ ᠪᠠᠢ᠌ᠳ᠋ᠠᠯ᠂ ᠤᠨᠴᠠᠭᠠᠢ᠌ᠯᠠᠨ 12 ᠨᠠᠰᠤᠨ ᠡᠴᠡ 17 ᠪᠦᠬᠦᠯᠢ ᠨᠠᠰᠤᠨ ᠤ ᠰᠤᠷᠭᠠᠭᠤᠯᠢ ᠳᠤ ᠪᠠᠢ᠌ᠭ᠎ᠠ ᠰᠤᠷᠤᠭᠴᠢᠳ ᠤᠨ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠦᠯ ᠤᠨ ᠲᠠᠷᠢᠯᠭ᠎ᠠ ᠲᠠᠷᠢᠭᠰᠠᠨ ᠪᠠᠢ᠌ᠳ᠋ᠠᠯ ᠵᠢᠴᠢ ᠤᠯᠤᠰ ᠤᠨ ᠨᠢᠭᠡᠳ᠋ᠦᠯᠳ᠋ᠠᠢ ᠨᠠᠢ᠌ᠷᠠᠭᠤᠯᠤᠭᠰᠠᠨ ᠵᠢᠭᠠᠬᠤ ᠮᠠᠲ᠋ᠸᠷᠢᠶᠠᠯ ᠢ ᠲᠦ᠋ᠭᠡᠮᠡᠯᠵᠢᠭᠦᠯᠦᠨ ᠬᠡᠷᠡᠭ᠍ᠵᠢᠭᠦᠯᠦᠭ᠍ᠰᠡᠨ ᠪᠠᠢ᠌ᠳ᠋ᠠᠯ ᠪᠤᠯᠤᠨ ᠰᠤᠷᠭᠠᠭᠤᠯᠢ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠭᠰᠠᠨ ᠪᠠᠢ᠌ᠳ᠋ᠠᠯ ᠢ ᠨᠠᠷᠢᠯᠢᠭ ᠪᠠᠢ᠌ᠴᠠᠭᠠᠨ ᠤᠢ᠌ᠯᠠᠭᠠᠪᠠ᠃

ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠲᠠᠷᠢᠯᠭ᠎ᠠ ᠲᠠᠷᠢᠵᠤ ᠪᠠᠢ᠌ᠭ᠎ᠠ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠬᠦᠷᠴᠦ ᠪᠠᠢ᠌ᠴᠠᠭᠠᠨ ᠤᠢ᠌ᠯᠠᠭᠠᠭᠰᠠᠨ ᠤ ᠲᠠᠷᠠᠭ᠎ᠠ᠂ ᠡᠦ ᠴᠢᠩ ᠬᠠᠢ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳ᠋ᠤᠨ ᠲᠠᠷᠢᠯᠭ᠎ᠠ ᠲᠠᠷᠢᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠠᠨ ᠲᠦ᠋ᠮᠡᠨ ᠤ ᠠᠮᠢ ᠨᠠᠰᠤ ᠡᠷᠡᠭᠦᠯ ᠮᠡᠨᠳ᠋ᠦ ᠳᠤ ᠲᠡᠭᠡᠳ᠋ᠤ ᠬᠡᠮᠵᠢᠶ᠎ᠠ ᠪᠠᠷ ᠬᠠᠷᠢᠭᠤᠴᠠᠬᠤ ᠤᠪᠤᠷ ᠶᠢᠡᠷ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠦᠯ ᠤᠨ ᠲᠠᠷᠢᠯᠭ᠎ᠠ ᠶᠢᠨ ᠠᠵᠢᠯ ᠢ ᠯᠠᠪᠳ᠋ᠠᠭᠤᠨ ᠪᠠᠳ᠋ᠤᠳ᠋ᠠᠢ ᠡᠮᠬᠢ ᠵᠢᠷᠤᠮ ᠲᠡᠶ ᠦᠷᠨᠢᠭᠦᠯᠦᠨ᠂ ᠤᠯᠠᠨ ᠲᠦ᠋ᠮᠡᠨ ᠤ ᠡᠷᠡᠭᠦᠯ ᠮᠡᠨᠳ᠋ᠦ ᠶᠢ ᠪᠠᠳ᠋ᠤᠯᠠᠭᠰᠠᠨ ᠦᠯᠦ ᠬᠠᠯᠳ᠋ᠠᠪᠤᠷᠢᠯᠠᠬᠤ ᠬᠠᠯᠬᠠᠪᠴᠢ ᠶᠢ ᠲᠦ᠋ᠷᠭᠡᠳᠭᠡᠨ ᠪᠠᠢ᠌ᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)