ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ 《7·1》 ᠤ ᠰᠢᠷᠢᠰ ᠠᠵᠢᠯᠯᠠᠭ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠵᠤ ᠤᠬᠠᠭᠤᠯᠤᠨ ᠲᠠᠢ᠌ᠯᠪᠤᠷᠢᠯᠠᠬᠤ ᠬᠤᠷᠠᠯ ᠬᠤᠷᠠᠯᠳ᠋ᠤᠭᠤᠯᠪᠠ


       
            8 ᠰᠠᠷ᠎ᠠ ᠶᠢᠨ 26 ᠤ ᠡᠳ᠋ᠦᠷ ᠤᠨ ᠦᠳ᠋ᠡ ᠶᠢᠨ ᠡᠮᠦᠨ᠎ᠠ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ《7·1》 ᠤ ᠰᠢᠷᠢᠰ ᠠᠵᠢᠯᠯᠠᠭ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠵᠤ ᠤᠬᠠᠭᠤᠯᠤᠨ ᠲᠠᠢ᠌ᠯᠪᠤᠷᠢᠯᠠᠬᠤ ᠬᠤᠷᠠᠯ ᠬᠤᠷᠠᠯᠳ᠋ᠤᠭᠤᠯᠪᠠ᠃ ᠬᠤᠷᠠᠯ ᠨᠢ ᠰᠦ᠋ᠯᠵᠢᠶᠡᠨ ᠤ ᠸᠢᠳᠢᠣ᠋ ᠬᠡᠯᠪᠡᠷᠢ ᠪᠠᠷ ᠡᠯ᠎ᠠ ᠰᠤᠮᠤ ᠪᠠᠯᠭᠠᠰᠤᠨ ᠤ ᠬᠤᠪᠢᠶᠠᠷᠢ ᠲᠠᠯᠠᠪᠠᠢ ᠳᠤ ᠵᠠᠯᠭᠠᠵᠤ᠂ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠰᠦ᠋ᠩ ᠯᠢᠶᠠᠨ ᠡᠾᠦ᠋ᠢ ᠡᠷᠬᠢᠯᠡᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠭᠤᠤᠯ ᠬᠤᠷᠠᠯ ᠤᠨ ᠲᠠᠯᠠᠪᠠᠢ ᠳᠤ ᠤᠷᠤᠯᠴᠠᠪᠠ᠃

       


       
            ᠬᠤᠷᠠᠯ ᠲᠡᠭᠡᠷ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ ᠭᠦᠸᠸ ᠰᠢᠶᠤᠤ ᠴᠢᠶᠠᠨ《ᠲᠦ᠋ᠷᠪᠡᠨ ᠠᠭᠤᠤ ᠶᠡᠬᠡ ᠠᠮᠵᠢᠯᠳ᠋ᠡ》᠂《ᠶᠢᠰᠦᠨ ᠡᠷᠬᠡᠪᠰᠢ》ᠵᠢᠨ ᠲᠤᠭᠤᠷᠢᠨ ᠳᠤ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭ᠋ᠤᠢ ᠲᠡᠦᠬᠡᠨ ᠦᠩᠭᠡᠷᠡᠯᠳ᠋ᠡ ᠪᠠ ᠲᠡᠦᠬᠡᠳ᠋ᠦ ᠴᠢᠨᠠᠷᠳ᠋ᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠡᠷᠭᠢᠴᠡᠭᠦᠯᠦᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠤᠳ᠋ᠤᠷᠢᠳ᠋ᠤᠯᠭ᠎ᠠ ᠪᠠ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠪᠠᠢ᠌ᠭᠤᠯᠤᠯ ᠢ ᠪᠠᠷᠢᠮᠳ᠋ᠠᠯᠠᠬᠤ ᠲᠡᠦᠬᠡ ᠶᠢᠨ ᠵᠠᠢ᠌ᠯᠠᠰᠢ ᠦᠭᠡᠶ ᠴᠢᠨᠠᠷ ᠢ ᠨᠠᠷᠢᠯᠢᠭ ᠦᠭᠦᠯᠡᠪᠡ᠃ ᠬᠢᠴᠢᠶᠡᠯ ᠤᠨ ᠭᠤᠤᠯ ᠰᠡᠳ᠋ᠦᠪ ᠢᠯᠡ ᠲᠤᠳ᠋ᠤ᠂ ᠠᠭᠤᠯᠭ᠎ᠠ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠦᠭᠡᠳ ᠤᠢ᠌ᠯᠠᠭᠠᠮᠵᠢᠳ᠋ᠠᠢ ᠪᠠᠢ᠌ᠵᠤ᠂ ᠶᠡᠷᠦᠩᠬᠡᠢ ᠱᠦ᠋ᠵᠢ ᠰᠢ ᠵᠢᠨ ᠫᠢᠩ ᠤᠨ《7·1》 ᠤ ᠰᠢᠷᠢᠰ ᠠᠵᠢᠯᠯᠠᠭ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠬᠤ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠤᠭᠳ᠋ᠠᠯ ᠲᠡᠶ ᠶᠤᠮ᠃

       
           ᠬᠤᠷᠠᠯ ᠡᠴᠡ᠂ ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠬᠤᠪᠢ ᠪᠡᠶ᠎ᠠ ᠶᠢᠨ ᠡᠭᠦᠷᠭᠡ ᠬᠠᠷᠢᠭᠤᠴᠠᠯᠭ᠎ᠠ ᠲᠡᠶ ᠪᠠᠨ ᠨᠢᠭᠳ᠋ᠠ ᠤᠶᠠᠯᠳ᠋ᠤᠭᠤᠯᠵᠤ᠂ ᠤᠳ᠋ᠤᠬᠠᠨ ᠤ ᠴᠢᠬᠤᠯᠠ ᠠᠵᠢᠯ ᠤᠨ ᠲᠤᠭᠤᠷᠢᠨ ᠳᠤ᠂ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠰᠡᠳᠬᠢᠴᠡ ᠪᠠ ᠠᠷᠭ᠎ᠠ ᠠᠪᠴᠠᠯ ᠢ ᠭᠦᠨᠵᠡᠭᠡᠢ ᠰᠤᠳ᠋ᠤᠯᠤᠨ ᠪᠤᠳ᠋ᠤᠯᠬᠢᠯᠠᠵᠤ᠂ ᠠᠵᠢᠯ ᠤᠨ  ᠵᠤᠭᠰᠤᠴᠠ᠂ ᠵᠠᠩᠭᠢᠯᠠᠭ᠎ᠠ ᠶᠢᠨ ᠴᠡᠭ᠌᠂ ᠭᠠᠷᠳ᠋ᠠᠬᠤ ᠴᠡᠭ᠌ ᠪᠠ ᠬᠦᠴᠦᠯᠡᠬᠦ ᠴᠡᠭ᠌ ᠢ ᠤᠨᠤᠪᠴᠢᠳ᠋ᠠᠢ ᠡᠷᠢᠨ ᠤᠯᠵᠤ᠂ ᠶᠡᠷᠦᠩᠬᠡᠢ ᠱᠦ᠋ᠵᠢ ᠰᠢ ᠵᠢᠨ ᠫᠢᠩ ᠤᠨ 《7·1》 ᠤ ᠰᠢᠷᠢᠰ ᠠᠵᠢᠯᠯᠠᠭ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠬᠤᠰᠢᠭᠤᠨ ᠤ ᠦᠭᠡᠷᠡᠴᠢᠯᠡᠯᠳ᠋ᠡ ᠬᠦᠭ᠍ᠵᠢᠯᠳ᠋ᠡ ᠶᠢᠨ ᠡᠯ᠎ᠠ ᠬᠦᠷᠢᠶ᠎ᠠ ᠬᠡᠪᠴᠢᠶ᠎ᠠ᠂ ᠪᠦᠬᠦ ᠶᠠᠪᠤᠴᠠ ᠳᠤ ᠦᠨᠡᠨᠬᠦ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠬᠤ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠦᠵᠡᠯ ᠤᠬᠠᠮᠰᠡᠷ ᠢ ᠬᠠᠮᠳ᠋ᠤᠪᠠᠷ ᠪᠠᠳ᠋ᠤ ᠴᠤᠭᠴᠠᠯᠠᠬᠤ᠂ ᠲᠦ᠋ᠯᠦᠭᠡᠯᠡᠭ᠍ᠴᠢᠳ ᠤᠨ ᠲᠤᠰᠬᠠᠢ ᠰᠡᠳ᠋ᠦᠪᠳ᠋ᠦ ᠰᠤᠳ᠋ᠤᠯᠭᠠᠨ ᠬᠢᠬᠦ᠂ ᠲᠦ᠋ᠪᠯᠡᠷᠡᠨ ᠪᠠᠢ᠌ᠴᠠᠭᠠᠬᠤ᠂ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠪᠠ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠨ ᠬᠦᠳ᠋ᠡᠯᠭᠡᠭᠡᠨ ᠦᠷᠨᠢᠭᠦᠯᠬᠦ ᠲᠡᠶ ᠤᠶᠠᠯᠳ᠋ᠤᠭᠤᠯᠵᠤ᠂ ᠲᠦ᠋ᠯᠦᠭᠡᠯᠡᠭ᠍ᠴᠢᠳ ᠤᠨ ᠠᠵᠢᠯ ᠤᠨ ᠶᠠᠰᠦ ᠴᠢᠨᠠᠷ ᠪᠠ ᠦᠷ᠎ᠠ ᠪᠦᠳ᠋ᠦᠮᠵᠢ ᠶᠢ ᠪᠦᠬᠦ ᠲᠠᠯ᠎ᠠ ᠪᠠᠷ ᠲᠡᠭᠡᠭ᠍ᠰᠢᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

       
             ᠬᠤᠷᠠᠯ ᠨᠡᠢ᠌ᠳ᠋ᠡ 16 ᠸᠢᠳᠢᠣ᠋ ᠬᠤᠪᠢᠶᠠᠷᠢ ᠲᠠᠯᠠᠪᠠᠢ ᠪᠠᠢ᠌ᠭᠤᠯᠵᠤ᠂ 580 ᠢᠯᠡᠭᠦᠦ ᠲᠦ᠋ᠯᠦᠭᠡᠯᠡᠭ᠍ᠴᠢ ᠤᠷᠤᠯᠴᠠᠪᠠ᠃(ᠯᠸᠢ  ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ