ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ


        
         8 ᠰᠠᠷ᠎ᠠ ᠶᠢᠨ 27 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠵᠤ᠂《ᠲᠡᠦᠬᠡ ᠶᠢ ᠰᠤᠷᠤᠯᠴᠡᠨ ᠶᠤᠰᠤ ᠤᠴᠢᠷ ᠢ ᠤᠢ᠌ᠯᠠᠭᠠᠨ᠂ ᠲᠡᠦᠬᠡ ᠶᠢ ᠰᠤᠷᠤᠯᠴᠡᠨ ᠢᠳ᠋ᠡᠭᠡᠯ ᠶᠢᠡᠨ ᠨᠡᠮᠡᠭ᠍ᠳ᠋ᠡᠭᠦᠯᠵᠦ᠂ ᠲᠡᠦᠬᠡ ᠶᠢ ᠰᠤᠷᠤᠯᠴᠡᠨ ᠶᠤᠰᠤ ᠰᠤᠷᠳ᠋ᠠᠬᠤᠨ ᠢ ᠡᠷᠬᠢᠮᠯᠡᠨ᠂ ᠲᠡᠦᠬᠡ ᠶᠢ ᠰᠤᠷᠤᠯᠴᠡᠨ ᠴᠢᠷᠮᠠᠢ᠌ᠨ ᠦᠢᠯᠡᠳ᠋ᠦᠯᠭᠡᠵᠢᠭᠦᠯᠬᠦ》 ᠱᠠᠭᠠᠷᠳ᠋ᠠᠯᠭ᠎ᠠ ᠶᠢᠨ ᠲᠤᠭᠤᠷᠢᠨ ᠳᠤ᠂ ᠤᠯᠤᠯᠳ᠋ᠠ ᠲᠦ᠋ᠷᠦᠭ᠍ᠳ᠋ᠡᠯ ᠶᠢᠡᠨ ᠰᠤᠯᠢᠯᠴᠡᠨ᠂ ᠵᠦ᠋ᠷᠢᠶ᠎ᠠ ᠪᠠ ᠬᠦᠷᠦᠯᠴᠡᠬᠦ ᠦᠭᠡᠶ ᠲᠠᠯ᠎ᠠ ᠪᠠᠨ ᠡᠷᠢᠪᠠ᠃

       
           ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠡᠷᠬᠢᠯᠡᠨ᠂ ᠨᠡᠮ ᠤᠨ ᠡᠭᠦᠷ ᠤᠨ ᠤᠳ᠋ᠤᠷᠢᠳᠬᠤ ᠪᠠᠭ ᠢ ᠲᠦ᠋ᠯᠦᠭᠡᠯᠡᠨ ᠪᠠᠢ᠌ᠴᠠᠭᠠᠯᠳ᠋ᠠ ᠵᠠᠳ᠋ᠠᠯᠤᠯᠳ᠋ᠠ ᠬᠢᠬᠦ ᠶᠢᠨ ᠬᠠᠮᠳ᠋ᠤ ᠲᠦ᠋ᠷᠦᠭᠦᠯᠡᠨ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠪᠡ᠃ ᠨᠠᠮ ᠤᠨ ᠡᠭᠦᠷ ᠤᠨ ᠭᠡᠰᠢᠭᠦᠳ ᠲᠡᠰ ᠲᠠᠷᠠᠭᠠᠯᠠᠨ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠦ᠂ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠨᠢᠭᠡᠳ᠋ᠦᠭᠡᠷ ᠲᠤᠭᠤᠷᠢᠨ ᠪᠠᠢ᠌ᠴᠠᠭᠠᠵᠤ ᠵᠢᠯᠤᠭᠤᠳᠬᠤ ᠲᠤᠭᠤᠢ᠌ᠯᠠᠩ ᠤᠨ ᠭᠡᠰᠢᠭᠦᠨ ᠬᠤ ᠬᠠᠢ ᠯᠦ᠋ᠩ᠂ ᠪᠠᠢ ᠶᠠᠩ ᠬᠤᠷᠠᠯ ᠳᠤ ᠤᠷᠤᠯᠴᠠᠵᠤ ᠵᠢᠭᠠᠨ ᠵᠢᠯᠤᠭᠤᠳᠪᠠ᠃

        
           ᠨᠠᠮ ᠤᠨ ᠡᠭᠦᠷ ᠡᠴᠡ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠶᠡᠬᠡ ᠬᠤᠷᠠᠯ ᠢ ᠬᠤᠷᠠᠯᠳ᠋ᠤᠭᠤᠯᠵᠤ᠂ ᠨᠠᠮ ᠤᠨ ᠡᠭᠦᠷ ᠤᠨ ᠱᠦ᠋ᠵᠢ ᠨᠠᠮ ᠤᠨ ᠡᠭᠦᠷ ᠤᠨ ᠭᠡᠰᠢᠭᠦᠳ ᠢ ᠲᠦ᠋ᠯᠦᠭᠡᠯᠡᠨ  ᠬᠠᠭᠠᠰ ᠵᠢᠯ ᠤᠨ ᠲᠤᠷᠰᠢᠬᠢ ᠨᠠᠮ ᠤᠨ ᠡᠭᠦᠷ ᠤᠨ ᠠᠵᠢᠯ ᠤᠨ ᠪᠠᠢ᠌ᠳ᠋ᠠᠯ ᠤᠨᠴᠠᠭᠠᠢ᠌ᠯᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠦᠷᠨᠢᠭᠦᠯᠦᠭ᠍ᠰᠡᠨ ᠪᠠᠢ᠌ᠳ᠋ᠠᠯ ᠢ ᠮᠡᠳ᠋ᠡᠭᠦᠯᠦᠨ᠂ ᠬᠤᠷᠠᠯ ᠡᠴᠡ ᠡᠮᠦᠨᠡᠬᠢ ᠪᠡᠯᠡᠳᠭᠡᠯ ᠠᠵᠢᠯ᠂ ᠰᠠᠨᠠᠯ ᠬᠤᠷᠢᠶᠠᠭᠰᠠᠨ ᠪᠠᠢ᠌ᠳ᠋ᠠᠯ ᠪᠤᠯᠤᠨ ᠨᠠᠮ ᠤᠨ ᠡᠭᠦᠷ ᠤᠨ ᠭᠡᠰᠢᠭᠦᠳ ᠤᠨ ᠠᠰᠠᠭᠤᠳ᠋ᠠᠯ ᠢ ᠪᠠᠢ᠌ᠴᠠᠭᠠᠭᠰᠠᠨ ᠪᠠᠢ᠌ᠳ᠋ᠠᠯ ᠢ ᠮᠡᠳ᠋ᠡᠭ᠍ᠳ᠋ᠡᠪᠡ᠃ ᠨᠠᠮ ᠤᠨ ᠭᠡᠰᠢᠭᠦᠳ ᠤᠨ ᠶᠡᠬᠡ ᠬᠤᠷᠠᠯ ᠲᠠᠭᠤᠰᠤᠭᠰᠠᠨ ᠤ ᠲᠠᠷᠠᠭ᠎ᠠ᠂ ᠨᠠᠮ ᠤᠨ ᠡᠭᠦᠷ ᠤᠨ ᠡᠯ᠎ᠠ ᠨᠠᠮ ᠤᠨ ᠪᠠᠭ᠎ᠠ ᠲᠤᠭᠤᠢ᠌ᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃

       

        ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠡᠭᠦᠷ ᠤᠨ ᠨᠢᠭᠡᠳ᠋ᠦᠭᠡᠷ ᠨᠠᠮ ᠤᠨ ᠪᠠᠭ᠎ᠠ ᠲᠤᠭᠤᠢ᠌ᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠳᠤ ᠤᠷᠤᠯᠴᠠᠵᠤ᠂ ᠤᠯᠠᠨ ᠲᠡᠶ ᠬᠠᠮᠳ᠋ᠤ ᠤᠯᠤᠯᠳ᠋ᠠ ᠲᠦ᠋ᠷᠦᠭ᠍ᠳ᠋ᠡᠯ ᠶᠢᠡᠨ ᠰᠤᠯᠢᠯᠴᠠᠨ᠂ ᠤᠷᠤᠰᠢᠵᠤ ᠪᠠᠢ᠌ᠬᠤ ᠠᠰᠠᠭᠤᠳ᠋ᠠᠯ ᠶᠢᠡᠨ ᠭᠦᠨᠵᠡᠭᠡᠢ ᠵᠠᠳ᠋ᠠᠯᠤᠨ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠦᠷᠨᠢᠭᠦᠯᠪᠡ᠃ ᠬᠤᠷᠠᠯ ᠲᠡᠭᠡᠷ᠎ᠠ᠂ ᠨᠠᠮ ᠤᠨ ᠭᠡᠰᠢᠭᠦᠳ ᠲᠡᠰ ᠲᠠᠷᠠᠭᠠᠯᠠᠨ ᠰᠤᠷᠤᠯᠴᠠᠭᠰᠠᠨ ᠤᠯᠤᠯᠳ᠋ᠠ ᠲᠦ᠋ᠷᠦᠭ᠍ᠳ᠋ᠡᠯ ᠶᠢᠡᠨ ᠰᠤᠯᠢᠯᠴᠡᠨ᠂ ᠵᠦ᠋ᠷᠢᠶ᠎ᠠ ᠪᠠ ᠬᠦᠷᠦᠯᠴᠡᠬᠦ ᠦᠭᠡᠶ ᠲᠠᠯ᠎ᠠ ᠪᠠᠨ ᠡᠷᠢᠵᠦ᠂ ᠬᠤᠪᠢ ᠪᠡᠶ᠎ᠠ ᠶᠢᠨ ᠤᠷᠤᠰᠢᠵᠤ ᠪᠠᠢ᠌ᠬᠤ ᠠᠰᠠᠭᠤᠳ᠋ᠠᠯ ᠶᠢᠡᠨ ᠨᠠᠷᠢᠨ ᠬᠢᠨᠠᠮᠠᠭᠠᠢ ᠪᠠᠢ᠌ᠴᠠᠭᠠᠨ ᠦᠵᠡᠵᠦ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠦᠷᠨᠢᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠡᠭᠦᠷ ᠤᠨ ᠬᠤᠶᠠᠳ᠋ᠤᠭᠠᠷ ᠨᠠᠮ ᠤᠨ ᠪᠠᠭ᠎ᠠ ᠲᠤᠭᠤᠢ᠌ᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠳᠤ ᠤᠷᠤᠯᠴᠠᠪᠠ᠃

       
           ᠨᠠᠮ ᠤᠨ ᠡᠭᠦᠷ ᠤᠨ ᠨᠠᠮ ᠤᠨ ᠭᠡᠰᠢᠭᠦᠳ ᠶᠡᠷᠦᠩᠬᠡᠢ ᠱᠦ᠋ᠵᠢ ᠰᠢ ᠵᠢᠨ ᠫᠢᠩ ᠤᠨ《7·1》 ᠤ ᠶᠠᠷᠢᠶᠠᠨ ᠤ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠵᠤ᠂ ᠪᠤᠳ᠋ᠠᠳ᠋ᠠᠢ ᠲᠡᠶ ᠪᠠᠨ ᠤᠶᠠᠯᠳ᠋ᠤᠭᠤᠯᠤᠨ ᠪᠠᠢ᠌ᠴᠠᠭᠠᠨ ᠢᠯᠡᠷᠡᠭᠦᠯᠦᠭ᠍ᠰᠡᠨ ᠠᠰᠠᠭᠤᠳ᠋ᠠᠯ ᠶᠢᠡᠨ ᠨᠠᠷᠢᠨ ᠬᠢᠨᠠᠮᠠᠭᠠᠢ ᠴᠡᠭ᠍ᠴᠡᠯᠡᠨ ᠰᠠᠢ᠌ᠵᠢᠷᠠᠭᠤᠯᠵᠤ᠂ ᠰᠤᠷᠤᠯᠴᠠᠬᠤ ᠶᠢᠨ ᠲᠠᠭᠠᠤ ᠬᠡᠷᠡᠭᠯᠡᠨ ᠴᠡᠭ᠍ᠴᠡᠯᠡᠵᠦ ᠰᠠᠢ᠌ᠵᠢᠷᠠᠭᠤᠯᠤᠨ᠂ ᠦᠷ᠎ᠠ ᠪᠦᠳ᠋ᠦᠮᠵᠢ ᠭᠠᠷᠭᠠᠬᠤ ᠶᠢ ᠦᠨᠡᠨᠬᠦ ᠪᠠᠳ᠋ᠤᠯᠠᠨ᠎ᠠ ᠭᠡᠵᠦ ᠢᠯᠡᠷᠬᠡᠢ᠌ᠯᠡᠵᠡᠭᠡᠪᠡ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠲᠠᠪᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ 《7·1》 ᠤ ᠰᠢᠷᠢᠰ ᠠᠵᠢᠯᠯᠠᠭ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠵᠤ ᠤᠬᠠᠭᠤᠯᠤᠨ ᠲᠠᠢ᠌ᠯᠪᠤᠷᠢᠯᠠᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠲᠡᠦᠬᠡ ᠶᠢᠨ ᠲᠤᠤᠷ ᠰᠦ᠋ᠯᠵᠢᠶᠡᠨ ᠤ ᠬᠢᠴᠢᠶᠡᠯᠯᠡᠭᠡ ᠶᠢᠨ ᠲᠠᠪᠤᠳ᠋ᠤᠭᠠᠷ ᠲᠠᠢ᠌ᠯᠤᠮᠵᠢ ᠶᠢ ᠦᠵᠡᠪᠡ