
8 ᠰᠠᠷ᠎ᠠ ᠶᠢᠨ 28 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠡᠴᠡ ᠡᠮᠦᠨᠡᠬᠢ ᠡᠯ᠎ᠠ ᠲᠦ᠋ᠷᠦᠯ ᠤᠨ ᠪᠡᠯᠡᠳᠭᠡᠯ ᠠᠵᠢᠯ ᠤᠨ ᠪᠠᠢ᠌ᠳ᠋ᠠᠯ ᠢ ᠬᠢᠨᠠᠨ ᠪᠠᠢ᠌ᠴᠠᠭᠠᠪᠠ᠃

ᠡᠦ ᠴᠢᠩ ᠬᠠᠢ ᠰᠤᠷᠭᠠᠭᠤᠯᠢ ᠶᠢᠨ ᠬᠦᠷᠢᠶᠡᠨ ᠤ ᠠᠮᠤᠷ ᠲᠦ᠋ᠪᠰᠢᠨ ᠤ ᠬᠠᠮᠢᠶᠠᠷᠤᠯᠳ᠋ᠠ᠂ ᠵᠢᠭᠠᠬᠤ ᠮᠠᠲ᠋ᠸᠷᠢᠶᠠᠯ ᠪᠤᠯᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠳ᠋ᠤᠯᠠᠭ᠎ᠠ ᠵᠡᠷᠭᠡ ᠠᠵᠢᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ ᠶᠢᠨ ᠬᠠᠮᠳ᠋ᠤ ᠪᠠᠶᠠᠷᠳ᠋ᠤᠬᠤᠰᠢᠭᠤ ᠪᠠᠯᠭᠠᠰᠤᠨ ᠤ ᠭᠤᠤᠯ ᠤᠳ᠋ᠤᠷᠢᠳ᠋ᠤᠯᠭ᠎ᠠ ᠵᠢᠴᠢ ᠰᠤᠷᠭᠠᠭᠤᠯᠢ ᠶᠢᠨ ᠤᠳ᠋ᠤᠷᠢᠳᠬᠤ ᠪᠠᠭ᠂ ᠪᠠᠭᠰᠢ ᠶᠢᠨ ᠲᠦ᠋ᠯᠦᠭᠡᠯᠡᠭ᠍ᠴᠢ ᠲᠡᠶ ᠶᠡᠷᠢᠯᠴᠡᠨ ᠰᠤᠯᠢᠯᠴᠠᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠡᠴᠡ ᠡᠮᠦᠨᠡᠬᠢ ᠡᠯ᠎ᠠ ᠲᠦ᠋ᠷᠦᠯ ᠤᠨ ᠪᠡᠯᠡᠳᠭᠡᠯ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠨᠠᠷᠢᠨ ᠬᠢᠨᠠᠭᠠᠮᠠᠢ ᠰᠤᠨᠤᠰᠴᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦ᠋ᠪᠰᠢᠨ ᠤ ᠬᠠᠮᠢᠶᠠᠷᠤᠯᠳ᠋ᠠ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠴᠡᠭ᠍ᠴᠡᠯᠡᠨ ᠵᠠᠰᠠᠯᠳ᠋ᠠ ᠪᠤᠯᠤᠨ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠵᠠᠮ ᠬᠠᠷᠢᠯᠴᠠᠭᠠᠨ ᠤ ᠠᠮᠤᠷ ᠲᠦ᠋ᠪᠰᠢᠨ᠂ ᠢᠳ᠋ᠡᠭᠡᠨ ᠤᠮᠳ᠋ᠠᠭᠠᠨ ᠤ ᠠᠮᠤᠷ ᠲᠦ᠋ᠪᠰᠢᠨ ᠪᠤᠯᠤᠨ ᠰᠢᠨ᠎ᠠ ᠰᠤᠷᠤᠭᠴᠢ ᠶᠢᠨ ᠨᠡᠷ᠎ᠠ ᠮᠡᠳ᠋ᠡᠭᠦᠯᠬᠦ ᠠᠵᠢᠯ ᠵᠡᠷᠭᠡ ᠵᠢᠴᠢ ᠤᠷᠤᠰᠢᠵᠤ ᠪᠠᠢ᠌ᠬᠤ ᠬᠦᠴᠢᠷᠳ᠋ᠡᠯ ᠢ ᠨᠠᠷᠢᠨ ᠤᠢ᠌ᠯᠠᠭᠠᠬᠤ ᠶᠢᠨ ᠬᠠᠮᠳ᠋ᠦ ᠵᠢᠯᠤᠭᠤᠳᠬᠤ ᠰᠠᠨᠠᠯ ᠲᠤᠷᠠᠳᠪᠠ᠃


ᠡᠦ ᠴᠢᠩ ᠬᠠᠢ᠂ ᠪᠠᠶᠠᠷᠳ᠋ᠤᠬᠤᠰᠢᠭᠤ ᠪᠠᠯᠭᠠᠰᠤᠨ ᠤ ᠤᠳ᠋ᠤᠷᠢᠳᠬᠤ ᠺᠠᠳ᠋ᠷ ᠪᠠ ᠰᠤᠷᠭᠠᠭᠤᠯᠢ ᠶᠢᠨ ᠤᠳ᠋ᠤᠷᠢᠳᠬᠤ ᠪᠠᠭ ᠤᠨ ᠬᠢᠨ ᠲᠡᠭᠡᠳ᠋ᠦ ᠱᠠᠳ᠋ᠤᠨ ᠤ ᠬᠠᠮᠢᠶ᠎ᠠ ᠪᠦᠬᠦᠢ ᠲᠤᠬᠢᠷᠠᠭᠤᠯᠤᠯᠳ᠋ᠠ ᠱᠠᠭᠠᠷᠳ᠋ᠠᠯᠭ᠎ᠠ ᠶᠢ ᠴᠢᠩᠭ᠎ᠠ ᠵᠢᠷᠤᠮᠯᠠᠨ᠂ ᠤᠷᠢᠳᠴᠢᠯᠡᠨ ᠵᠢᠯᠤᠭᠤᠳᠴᠦ᠂ ᠪᠤᠳ᠋ᠠᠳ᠋ᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠨ᠂ ᠢᠳ᠋ᠡᠪᠬᠢᠳ᠋ᠠᠢ ᠠᠵᠢᠯᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦ᠋ᠪᠰᠢᠨ ᠤ ᠲᠠᠯᠳ᠋ᠠ ᠭᠡᠮ ᠢ ᠵᠢᠭᠰᠠᠭᠠᠨ ᠪᠠᠢ᠌ᠴᠠᠭᠠᠬᠤ ᠠᠵᠢᠯ ᠢ ᠴᠢᠩᠭ᠎ᠠ ᠨᠢᠭᠳ᠋ᠠ ᠠᠳᠬᠤᠨ᠂ ᠰᠤᠷᠭᠠᠭᠤᠯᠢ ᠡᠬᠢᠯᠡᠬᠦ ᠡᠴᠡ ᠡᠮᠦᠨᠡᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦ᠋ᠪᠰᠢᠨ ᠢ ᠴᠡᠭ᠍ᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠭᠠᠯ ᠢ ᠰᠡᠷᠭᠡᠢ᠌ᠯᠡᠬᠦ᠂ ᠤᠰᠤ ᠬᠡᠷᠡᠭᠯᠡᠬᠦ᠂ ᠬᠤᠭᠤᠯᠠᠨ ᠲᠠᠩᠭᠢᠮ ᠪᠤᠯᠤᠨ ᠢᠳ᠋ᠡᠭᠡᠨ ᠤ ᠡᠷᠡᠭᠦᠯ ᠬᠠᠮᠠᠭᠠᠯᠠᠯ ᠵᠢᠴᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠵᠠᠮ ᠬᠠᠷᠢᠯᠴᠠᠭᠠᠨ ᠤ ᠠᠮᠤᠷ ᠲᠦ᠋ᠪᠰᠢᠨ ᠢ ᠪᠠᠳ᠋ᠤᠯᠠᠨ᠂ ᠰᠤᠷᠭᠠᠨ ᠬᠦᠮᠦᠵᠢᠯ ᠤᠨ ᠵᠢᠭᠠᠨ ᠰᠤᠷᠭᠠᠯᠳ᠋ᠠ ᠶᠢᠨ ᠠᠵᠢᠯ ᠢ ᠡᠮᠬᠢ ᠵᠢᠷᠤᠮ ᠲᠡᠶ ᠦᠷᠨᠢᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)