ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠪᠠᠢ᠌ᠴᠠᠭᠠᠨ ᠵᠢᠯᠤᠭᠤᠳᠪᠠ

        
            8 ᠰᠠᠷ᠎ᠠ ᠶᠢᠨ 30 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠪᠠᠢ᠌ᠴᠠᠭᠠᠨ ᠵᠢᠯᠤᠭᠤᠳᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠲᠠᠷᠤᠭ᠎ᠠ ᠶᠠᠩ ᠭᠧ ᠬᠤᠸᠠ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠳ ᠪᠠᠷ᠎ᠠ ᠪᠤᠯᠪᠠ᠃

        
           ᠡᠦ ᠴᠢᠩ ᠬᠠᠢ ᠨᠡᠷ ᠤᠷᠢᠳ ᠬᠤᠵᠢᠳ ᠪᠠᠶᠠᠷᠳ᠋ᠤᠬᠤᠰᠢᠭᠤ ᠪᠠᠯᠭᠠᠰᠤᠨ ᠤ ᠲᠦ᠋ᠪᠰᠢᠨ ᠭᠠᠴᠠᠭ᠎ᠠ᠂ ᠬᠤᠪᠤᠯᠳ᠋ᠤ ᠭᠠᠴᠠᠭ᠎ᠠ ᠵᠡᠷᠭᠡ ᠭᠠᠵᠠᠷ ᠲᠤ ᠬᠦᠷᠴᠦ᠂ ᠪᠠᠯᠭᠠᠰᠤ ᠲᠤᠰᠬᠤᠨ ᠤ ᠬᠤᠶᠠᠷ ᠱᠠᠳ᠋ᠤᠨ ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ᠂ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠤᠳ᠋ᠤᠬᠠᠨ ᠤ ᠲᠠᠷᠢᠯᠭ᠎ᠠ ᠲᠠᠷᠢᠵᠤ ᠪᠠᠢ᠌ᠭ᠎ᠠ᠂ ᠨᠢᠭᠡᠨᠳ᠋ᠡ ᠲᠠᠷᠢᠭᠰᠠᠨ᠂ ᠲᠠᠷᠢᠭ᠎ᠠ ᠦᠭᠡᠶ ᠵᠢᠴᠢ ᠲᠠᠷᠢᠯᠭ᠎ᠠ ᠬᠢᠬᠦ ᠳᠤ ᠲᠤᠬᠢᠷᠠᠮᠵᠢ ᠦᠭᠡᠶ ᠬᠦᠮᠦᠰ ᠤᠨ ᠰᠠᠭᠤᠷᠢ ᠲᠤᠭ᠎ᠠ ᠪᠤᠯᠤᠨ ᠬᠦᠮᠦᠰ ᠢ ᠵᠤᠬᠢᠶᠠᠨ ᠪᠠᠢ᠌ᠭᠤᠯᠵᠤ ᠤᠬᠠᠭᠤᠯᠤᠨ ᠲᠠᠢ᠌ᠴᠢᠯᠠᠭᠰᠠᠨ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠪᠠ᠃ ᠪᠠᠶᠠᠷᠳ᠋ᠤᠬᠤᠰᠢᠭᠤ ᠪᠠᠯᠭᠠᠰᠤ᠂ ᠲᠤᠰᠬᠤᠨ ᠤ ᠬᠤᠶᠠᠷ ᠱᠠᠳ᠋ᠤᠨ ᠤ ᠨᠠᠮ ᠤᠨ ᠭᠡᠰᠢᠭᠦᠳ ᠤᠨ ᠰᠠᠭᠤᠳ᠋ᠠᠯ ᠤᠨ ᠬᠤᠷᠠᠯ ᠲᠡᠭᠡᠷ᠎ᠠ᠂ ᠡᠦ ᠴᠢᠩ ᠬᠠᠢ ᠤᠳ᠋ᠤᠬᠠᠨ ᠤ ᠪᠦᠬᠦ ᠪᠠᠯᠭᠠᠰᠤᠨ ᠤ ᠲᠠᠷᠢᠯᠭ᠎ᠠ ᠲᠠᠷᠢᠵᠤ ᠪᠠᠢ᠌ᠬᠤ ᠠᠬᠢᠴᠠ ᠵᠢᠴᠢ ᠤᠷᠤᠰᠢᠵᠤ ᠪᠠᠢ᠌ᠬᠤ ᠬᠦᠴᠢᠷᠳ᠋ᠡᠯ ᠪᠤᠯᠤᠨ ᠬᠦᠷᠦᠯᠴᠡᠬᠦ ᠦᠭᠡᠶ ᠲᠠᠯ᠎ᠠ ᠶᠢ ᠨᠠᠷᠢᠯᠢᠭ ᠰᠤᠨᠤᠰᠤᠭᠰᠠᠨ ᠪᠦᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ 

       
            ᠡᠦ ᠴᠢᠩ ᠬᠠᠢ᠂ ᠪᠠᠶᠠᠷᠳ᠋ᠤᠬᠤᠰᠢᠭᠤ ᠪᠠᠯᠭᠠᠰᠤ᠂ ᠲᠤᠰᠬᠤᠨ ᠬᠤᠶᠠᠷ ᠱᠠᠳ᠋ᠤᠨ ᠤ ᠨᠠᠮ ᠤᠨ ᠭᠡᠰᠢᠭᠦᠨ ᠺᠠᠳ᠋ᠷ ᠵᠢᠴᠢ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠡᠷᠬᠡᠪᠰᠢ《ᠰᠢᠨ᠎ᠠ ᠲᠢᠳ᠋ᠢᠮᠯᠢᠭ᠌ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭᠡᠷ ᠪᠤᠯᠤᠨ ᠠᠩᠬᠠᠷᠬᠤ ᠵᠦ᠋ᠢᠯ ᠤᠨ ᠵᠢᠯᠤᠭᠤᠳ᠋ᠤᠮᠵᠢ (ᠬᠤᠶᠠᠳ᠋ᠤᠭᠠᠷ ᠬᠡᠪᠯᠡᠯ)》 ᠵᠢᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠲᠠᠷᠢᠯᠭ᠎ᠠ ᠶᠢᠨ ᠬᠠᠮᠢᠶ᠎ᠠ ᠪᠦᠬᠦᠢ ᠮᠡᠳ᠋ᠡᠯᠭᠡ ᠶᠢ ᠪᠠᠶᠠᠯᠢᠭᠵᠢᠭᠤᠯᠤᠨ᠂ ᠲᠠᠷᠢᠯᠭ᠎ᠠ ᠶᠢᠨ ᠴᠡᠭᠡᠷ ᠢ ᠤᠨᠤᠪᠴᠢᠳ᠋ᠠᠢ ᠰᠤᠳ᠋ᠤᠯᠤᠨ ᠮᠠᠭᠠᠳᠯᠠᠵᠤ᠂ ᠠᠵᠢᠯ ᠤᠨ ᠠᠷᠭ᠎ᠠ ᠬᠡᠮᠵᠢᠶ᠎ᠠ ᠪᠠᠨ ᠲᠤᠬᠢᠷᠠᠭᠤᠯᠤᠨ᠂ ᠡᠷᠦᠭᠡ ᠠᠮᠠ ᠶᠢᠨ ᠲᠠᠩᠰᠠ ᠲᠡᠶ ᠬᠦᠮᠦᠨ ᠠᠮᠠ ᠪᠠᠷ ᠭᠤᠤᠯ ᠪᠤᠯᠭᠠᠵᠤ᠂ ᠨᠡᠭᠦᠳ᠋ᠡᠯ ᠬᠦᠮᠦᠨ ᠠᠮᠠ ᠪᠤᠯᠤᠨ ᠪᠠᠢ᠌ᠩᠭ᠋ᠤ ᠰᠠᠭᠤᠭ᠎ᠠ ᠬᠦᠮᠦᠨ ᠠᠮᠠ ᠪᠠᠷ ᠬᠠᠪᠰᠤᠷᠤᠮᠵᠢ ᠪᠤᠯᠭᠠᠨ᠂《ᠲᠠᠷᠢᠬᠤ ᠴᠢᠬᠤᠯᠠ ᠲᠡᠶ ᠬᠦᠮᠦᠰ ᠤᠨ ᠪᠦᠬᠦᠨ ᠢ ᠲᠠᠷᠢᠵᠤ᠂ ᠨᠢᠭᠡ ᠴᠦ ᠤᠷᠬᠢᠭᠳ᠋ᠠᠭᠤᠯᠬᠤ ᠦᠭᠡᠶ ᠪᠠᠢ᠌ᠬᠤ》ᠵᠢ ᠦᠨᠡᠨ ᠬᠦ ᠪᠠᠳ᠋ᠤᠯᠠᠵᠤ᠂ ᠤᠠᠬᠭᠤᠯᠭ᠎ᠠ ᠶᠢᠨ ᠠᠵᠢᠯ ᠦᠷᠨᠢᠭᠦᠯᠬᠦ ᠦᠶᠡᠰ᠂ ᠬᠢᠯᠪᠠᠷ ᠤᠢ᠌ᠯᠠᠭᠠᠮᠵᠢᠳ᠋ᠠᠢ ᠠᠷᠭ᠎ᠠ ᠬᠡᠯᠪᠡᠷᠢ ᠪᠠᠷ ᠤᠯᠠᠨ ᠲᠦ᠋ᠮᠡᠨ ᠳᠤ ᠲᠠᠷᠢᠯᠭ᠎ᠠ ᠶᠢᠨ ᠠᠰᠢᠭ ᠬᠤᠤᠷ ᠤᠨ ᠬᠠᠷᠢᠴᠠᠭ᠎ᠠ ᠪᠠ ᠵᠠᠢ᠌ᠯᠠᠰᠢ ᠦᠭᠡᠶ ᠴᠢᠨᠠᠷ ᠢ ᠦᠨᠡᠨ ᠬᠦ ᠤᠢ᠌ᠯᠠᠭᠠᠭᠤᠯᠵᠤ᠂ ᠲᠤᠬᠢᠷᠠᠮᠵᠢᠳ᠋ᠠᠢ ᠬᠦᠮᠦᠰ ᠢ ᠰᠠᠨᠠᠭ᠎ᠠ ᠠᠮᠤᠷ ᠲᠠᠷᠢᠯᠭ᠎ᠠ ᠬᠢᠯᠭᠡᠨ᠂ ᠪᠦᠬᠦ ᠠᠷᠠᠳ ᠤᠨ ᠦᠯᠦ ᠬᠠᠯᠳ᠋ᠠᠪᠤᠷᠢᠯᠠᠬᠤ ᠬᠠᠯᠬᠠᠪᠴᠢ ᠶᠢ ᠬᠠᠮᠳ᠋ᠤ ᠪᠠᠷ ᠪᠠᠢ᠌ᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠰᠤᠷᠭᠠᠭᠤᠯᠢ ᠳᠤ ᠬᠦᠷᠴᠦ ᠠᠵᠢᠯ ᠬᠢᠨᠠᠨ ᠪᠠᠢ᠌ᠴᠠᠭᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠡᠢ᠌ᠭᠡᠮ ᠲᠤᠭᠤᠷᠢᠭ ᠲᠤ ᠤᠷᠤᠵᠤ ᠪᠦᠬᠦ ᠠᠷᠠᠳ ᠤᠨ ᠲᠠᠷᠢᠯᠭ᠎ᠠ ᠲᠠᠷᠢᠬᠤ ᠠᠵᠢᠯ ᠳᠤ ᠬᠦᠴᠦᠨ ᠨᠡᠮᠡᠷᠢᠯᠡᠪᠡ