ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠡᠢ᠌ᠭᠡᠮ ᠲᠤᠭᠤᠷᠢᠭ ᠲᠤ ᠤᠷᠤᠵᠤ ᠪᠦᠬᠦ ᠠᠷᠠᠳ ᠤᠨ ᠲᠠᠷᠢᠯᠭ᠎ᠠ ᠲᠠᠷᠢᠬᠤ ᠠᠵᠢᠯ ᠳᠤ ᠬᠦᠴᠦᠨ ᠨᠡᠮᠡᠷᠢᠯᠡᠪᠡ

      
            ᠬᠤᠰᠢᠭᠤᠨ ᠤ ᠬᠢᠵᠢᠭ᠌ ᠢ ᠰᠡᠷᠭᠡᠢ᠌ᠯᠡᠨ ᠡᠵᠡᠮᠳ᠋ᠡᠬᠦ ᠵᠢᠯᠤᠭᠤᠳᠬᠤ ᠭᠠᠵᠠᠷ ᠤᠨ ᠨᠢᠭᠡᠳ᠋ᠦᠯᠳ᠋ᠠᠢ ᠱᠠᠭᠠᠷᠳ᠋ᠠᠯᠭ᠎ᠠ ᠶᠤᠰᠤᠭᠠᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠡᠷᠡ ᠲᠠᠷᠤᠢ ᠳ᠋ᠤᠨᠢ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ᠂ ᠰᠢᠩ ᠬᠤᠸᠠ ᠨᠡᠢ᠌ᠭᠡᠮ ᠲᠤᠭᠤᠷᠢᠭ ᠤᠨ ᠪᠸᠢ ᠳ᠋ᠸᠦ ᠰᠠᠭᠤᠭᠠᠯᠢ ᠲᠤᠭᠤᠷᠢᠭ ᠪᠠ ᠰᠢᠩ ᠬᠤᠸᠠ ᠰᠠᠭᠤᠭᠠᠯᠢ ᠲᠤᠭᠤᠷᠢᠭ ᠲᠤ ᠬᠦᠷᠴᠦ᠂ ᠪᠦᠬᠦ ᠠᠷᠠᠳ ᠤᠨ ᠲᠠᠷᠢᠯᠭ᠎ᠠ ᠬᠢᠬᠦ ᠳᠤ ᠬᠦᠴᠦᠨ ᠨᠡᠮᠡᠷᠢᠯᠡᠵᠦ᠂ 《ᠦᠯᠦ ᠬᠠᠯᠳ᠋ᠠᠪᠤᠷᠢᠯᠠᠬᠤ ᠬᠠᠯᠬᠠᠪᠴᠢ》 ᠶᠢ ᠬᠠᠮᠳ᠋ᠤᠪᠠᠷ ᠪᠠᠢ᠌ᠭᠤᠯᠪᠠ᠃

       
          8 ᠰᠠᠷ᠎ᠠ ᠶᠢᠨ 28 ᠤ ᠡᠳ᠋ᠦᠷ ᠡᠴᠡ 31 ᠤ ᠡᠳ᠋ᠦᠷ ᠬᠦᠷᠳ᠋ᠡᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠬᠤᠶᠠᠷ ᠲᠤᠭᠤᠢ᠌ᠯᠠᠩ ᠬᠤᠪᠢᠶᠠᠨ ᠦᠷᠯᠦᠭᠡ ᠪᠦᠷᠢ ᠶᠢᠨ ᠨᠢ᠋ᠮᠠᠨ ᠴᠠᠭ ᠡᠴᠡ ᠤᠷᠤᠢ ᠶᠢᠨ ᠨᠢ᠋ᠮᠠᠨ ᠴᠠᠭ ᠪᠤᠯᠳ᠋ᠠᠯ᠎ᠠ᠂ ᠲᠠᠰᠤᠯᠳ᠋ᠠᠯ ᠦᠭᠡᠶ ᠡᠭᠡᠯᠵᠢᠯᠡᠨ ᠵᠢᠵᠢᠭᠦᠷᠯᠡᠬᠦ ᠠᠷᠭ᠎ᠠ ᠮᠠᠶ‍ᠢᠭ ᠪᠠᠷ᠂ ᠲᠤᠭᠳ᠋ᠠᠭᠰᠠᠨ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ᠂ ᠺᠤᠳ᠋ ᠰᠢᠷᠪᠢᠬᠦ᠂ ᠡᠷᠡᠭᠦᠯ ᠡᠩᠭᠡ ᠲᠦ᠋ᠩᠯᠢᠶᠤᠤ ᠪᠤᠯᠤᠨ ᠮᠦ᠋ᠩᠬᠡ ᠰᠤᠪᠠᠭ ᠵᠡᠷᠭᠡ APP ᠪᠠᠷ ᠲᠠᠮᠵᠢᠨ ᠤᠷᠤᠵᠤ ᠭᠠᠷᠬᠤ ᠬᠦᠮᠦᠰ ᠤᠨ ᠲᠠᠷᠢᠯᠭ᠎ᠠ ᠲᠠᠷᠢᠭᠰᠠᠨ ᠪᠠᠢ᠌ᠳ᠋ᠠᠯ ᠢ ᠪᠠᠢ᠌ᠴᠠᠭᠠᠨ᠂ ᠦᠷᠭᠡᠨ ᠤᠯᠠᠨ ᠰᠠᠭᠤᠭᠠᠯᠢ ᠠᠷᠠᠳ ᠢᠳ᠋ᠡᠪᠬᠢᠳ᠋ᠠᠢ ᠲᠠᠷᠢᠯᠭ᠎ᠠ ᠲᠠᠷᠢᠨ᠂ ᠬᠠᠮᠳ᠋ᠤᠪᠠᠷ ᠲᠠᠷᠢᠯᠭ᠎ᠠ ᠲᠠᠷᠢᠬᠤ ᠪᠤᠭᠤᠮᠳ᠋ᠠ ᠰᠢᠪᠳ᠋ᠤᠯᠬᠤ ᠲᠠᠢ᠌ᠯᠠᠯᠳ᠋ᠤᠭᠠᠨ ᠤ ᠢᠯᠠᠯᠳ᠋ᠠ ᠶᠢ ᠤᠯᠤᠶ᠎ᠠ ᠭᠡᠵᠦ ᠤᠷᠢᠶᠠᠯᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠯᠦ᠋ᠪᠸᠢ ᠪᠠᠯᠭᠠᠰᠤ《ᠠᠷᠠᠳ ᠤᠨ ᠲᠦ᠋ᠯᠦᠭᠡᠯᠡᠭ᠍ᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ》ᠠᠵᠢᠯ ᠢ ᠲᠦ᠋ᠯᠬᠢᠨ ᠠᠬᠢᠭᠤᠯᠵᠤ ᠪᠠᠢ᠌ᠭ᠎ᠠ