ᠯᠦ᠋ᠪᠸᠢ ᠪᠠᠯᠭᠠᠰᠤ《ᠠᠷᠠᠳ ᠤᠨ ᠲᠦ᠋ᠯᠦᠭᠡᠯᠡᠭ᠍ᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ》ᠠᠵᠢᠯ ᠢ ᠲᠦ᠋ᠯᠬᠢᠨ ᠠᠬᠢᠭᠤᠯᠵᠤ ᠪᠠᠢ᠌ᠭ᠎ᠠ
ᠡᠨᠡ ᠵᠢᠯ ᠡᠴᠡ ᠨᠠᠭᠠᠰᠢ᠂ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ《ᠠᠷᠠᠳ ᠤᠨ ᠲᠦ᠋ᠯᠦᠭᠡᠯᠡᠭ᠍ᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ》ᠠᠵᠢᠯ ᠢ ᠭᠦᠨᠵᠡᠭᠡᠢ ᠲᠦ᠋ᠯᠬᠢᠨ ᠠᠬᠢᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠬᠢᠨᠠᠯᠳ᠋ᠠ ᠲᠠᠯᠪᠢᠵᠤ ᠠᠬᠢᠭᠤᠯᠬᠤ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠦᠶᠡᠷ ᠢ ᠰᠡᠷᠭᠡᠢ᠌ᠯᠡᠵᠦ ᠭᠠᠮᠰᠢᠭ ᠢ ᠪᠠᠭᠠᠰᠬᠠᠵᠤ᠂ ᠡᠷᠦᠭᠡ ᠶᠢᠨ ᠵᠤᠷᠯᠤᠩ ᠤᠨ ᠠᠰᠠᠭᠤᠳ᠋ᠠᠯ ᠢ ᠴᠡᠭ᠍ᠴᠡᠯᠡᠨ ᠰᠠᠢ᠌ᠵᠢᠷᠠᠭᠤᠯᠬᠤ᠂ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭ᠍ᠴᠡᠯᠡᠨ ᠵᠠᠰᠠᠬᠤ᠂ ᠮᠠᠯ ᠤᠨᠤᠭᠠᠨ ᠤ ᠠᠷᠠᠰᠤᠨ ᠤ ᠡᠪᠡᠳᠴᠢᠨ ᠢ ᠰᠡᠷᠭᠡᠢ᠌ᠯᠡᠬᠦ ᠵᠡᠷᠭᠡ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠭᠤᠤᠯᠳ᠋ᠠᠯᠭ᠎ᠠ ᠲᠡᠶ ᠠᠵᠢᠯ ᠤᠨ ᠨᠠᠢ᠌ᠳ᠋ᠠᠪᠤᠷᠢᠵᠢᠭᠤᠯᠤᠯᠳ᠋ᠠ ᠶᠢ ᠠᠬᠢᠭᠤᠯᠤᠨ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠲᠦ᠋ᠯᠬᠢᠨ ᠠᠬᠢᠭᠤᠯᠬᠤ ᠳᠤ ᠢᠳ᠋ᠡᠷᠭᠦᠨ ᠠᠯᠬᠤᠭ᠎ᠠ᠂ ᠰᠠᠢ᠌ᠳ᠋ᠤᠷ ᠡᠬᠢᠯᠡᠬᠦ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠵᠦ ᠪᠠᠢ᠌ᠨ᠎ᠠ᠃ (ᠯᠸᠢ ᠫᠠᠩ)