ᠪᠠᠶᠠᠷᠳ᠋ᠤᠬᠤᠰᠢᠭᠤ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢᠭ᠌ ᠤᠨ ᠬᠠᠦᠯᠢ》《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠠ ᠶᠢ ᠠᠬᠢᠭᠤᠯᠬᠤ ᠲᠦ᠋ᠷᠢᠮ》 ᠢ ᠰᠤᠷᠤᠯᠴᠠᠪᠠ

8 ᠰᠠᠷ᠎ᠠ ᠶᠢᠨ 26 ᠤ ᠡᠳ᠋ᠦᠷ᠂ ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢᠭ᠌ ᠤᠨ ᠬᠠᠦᠯᠢ》《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠠ ᠶᠢ ᠠᠬᠢᠭᠤᠯᠬᠤ ᠲᠦ᠋ᠷᠢᠮ》 ᠢ ᠲᠦ᠋ᠪᠯᠡᠷᠡᠨ ᠰᠤᠷᠤᠯᠴᠠᠪᠠ᠃ ᠬᠤᠷᠠᠯ ᠳᠤ ᠤᠷᠤᠯᠴᠠᠭᠰᠠᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ᠂ ᠲᠤᠰ ᠤᠳ᠋ᠠᠭᠠᠨ ᠤ ᠰᠤᠷᠤᠯᠴᠠᠯᠭ᠎ᠠ ᠪᠠᠷ ᠲᠠᠮᠵᠢᠨ᠂ ᠦᠨᠳ᠋ᠦᠰᠦᠳ᠋ᠡᠨ ᠤ ᠠᠵᠢᠯ ᠢ ᠰᠠᠢ᠌ᠳ᠋ᠤᠷ ᠬᠢᠬᠦ ᠴᠢᠬᠤᠯᠠ ᠴᠢᠨᠠᠷ ᠤᠨ ᠲᠠᠨᠢᠯᠳ᠋ᠠ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠬᠠᠢ᠌ᠯᠠᠭᠰᠠᠨ ᠠᠵᠢᠯ ᠪᠤᠯᠤᠨ ᠲᠦ᠋ᠯᠦᠭᠡᠯᠡᠭ᠍ᠴᠢᠳ ᠤᠨ ᠬᠦᠳ᠋ᠡᠯᠭᠡᠭᠡᠨ ᠲᠤᠮᠳ᠋ᠠ ᠦᠨᠳ᠋ᠦᠰᠦᠳ᠋ᠡᠨ ᠤ ᠲᠦ᠋ᠷᠦ ᠶᠢᠨ ᠪᠤᠳ᠋ᠤᠯᠭ᠎ᠠ᠂ ᠬᠠᠦᠯᠢ ᠴᠠᠭᠠᠵᠠ ᠬᠠᠦᠯᠢ ᠲᠤᠭᠳ᠋ᠠᠭᠠᠯ ᠢ ᠤᠬᠠᠭᠤᠯᠬᠤ ᠶᠢ ᠢᠳ᠋ᠡᠪᠬᠢᠳ᠋ᠠᠢ ᠦᠢᠯᠡᠳ᠋ᠦᠯᠭᠡᠵᠢᠭᠦᠯᠵᠦ᠂ ᠪᠦᠬᠦ ᠪᠠᠯᠭᠠᠰᠤᠨ ᠤ ᠠᠵᠤ ᠠᠬᠤᠢ ᠨᠡᠢ᠌ᠭᠡᠮ ᠤᠨ ᠬᠦᠭ᠍ᠵᠢᠯᠳ᠋ᠡ ᠳᠤ ᠪᠦᠯᠬᠦᠮᠳ᠋ᠡᠯ ᠠᠮᠤᠷ ᠲᠤᠭᠳ᠋ᠠᠭᠤᠨ ᠰᠠᠢ᠌ᠨ ᠰᠠᠢ᠌ᠬᠠᠨ ᠠᠭᠤᠷ ᠠᠮᠢᠰᠬᠤᠯ ᠢ ᠪᠤᠢ ᠪᠤᠯᠭᠠᠨ᠎ᠠ ᠭᠡᠵᠦ ᠢᠯᠡᠷᠬᠡᠢ᠌ᠯᠡᠵᠡᠭᠡᠪᠡ᠃ (ᠯᠸᠢ ᠫᠠᠩ)