ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ《ᠵᠠᠭᠤᠨ ᠵᠢᠯ ᠤᠨ ᠨᠠᠮ ᠤᠨ ᠲᠡᠦᠬᠡ ᠶᠢᠨ ᠦᠯᠢᠭᠡᠷ ᠢ ᠤᠩᠰᠢᠬᠤ》ᠠᠵᠢᠯᠯᠠᠭ᠎ᠠ ᠦᠷᠨᠢᠭᠦᠯᠪᠡ

         ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠰᠢᠷᠢᠰ ᠠᠵᠢᠯᠯᠠᠭ᠎ᠠ ᠲᠤᠮᠳ᠋ᠠ᠂ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ《ᠵᠠᠭᠤᠨ ᠵᠢᠯ ᠤᠨ ᠨᠠᠮ ᠤᠨ ᠲᠡᠦᠬᠡ ᠶᠢᠨ ᠦᠯᠢᠭᠡᠷ ᠢ ᠤᠩᠰᠢᠬᠤ》 ᠠᠵᠢᠯᠯᠠᠭ᠎ᠠ ᠦᠷᠨᠢᠭᠦᠯᠵᠦ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢᠳ᠋ᠡᠪᠬᠢᠳ᠋ᠠᠢ ᠤᠷᠤᠯᠴᠡᠨ᠂ ᠬᠤᠪᠢᠰᠬᠠᠯ ᠤᠨ ᠰᠤᠩᠭ᠋ᠤᠳ᠋ᠠᠭ ᠦᠯᠢᠭᠡᠷ ᠢ ᠰᠡᠳᠭᠢᠯ ᠲᠠᠯᠪᠢᠨ ᠰᠤᠨᠤᠰᠴᠦ᠂ ᠬᠤᠪᠢᠰᠬᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ᠃

            

          ᠬᠤᠰᠢᠭᠤᠨ ᠱᠠᠳᠤᠨ ᠤ ᠠᠷᠠᠳ ᠤᠨ ᠲᠦ᠋ᠯᠦᠭᠡᠯᠡᠭ᠍ᠴᠢ ᠵᠸᠦ ᠪᠢᠩ ᠡᠦ ᠨᠦ᠋ᠬᠦᠷ《ᠪᠦᠭᠦᠳ᠋ᠡᠭᠡᠷ ᠶᠢᠡᠨ ᠬᠦᠴᠦ ᠪᠠᠨ ᠬᠠᠮᠳ᠋ᠤᠳᠬᠠᠵᠤ ᠪᠤᠭᠤᠳ᠋ᠤ ᠶᠢᠨ ᠪᠤᠯᠤᠳ ᠲᠡᠮᠦᠷ ᠤᠨ ᠦᠢᠯᠡᠳᠪᠦᠷᠢᠯᠡᠯ ᠢ ᠪᠠᠢ᠌ᠭᠤᠯᠤᠶ᠎ᠠ》ᠭᠡᠬᠦ ᠦᠯᠢᠭᠡᠷ ᠢ ᠤᠩᠰᠢᠪᠠ᠃ 

             

            ᠬᠤᠰᠢᠭᠤᠨ  ᠱᠠᠳᠤᠨ ᠤ ᠠᠷᠠᠳ ᠤᠨ ᠲᠦ᠋ᠯᠦᠭᠡᠯᠡᠭ᠍ᠴᠢ ᠳ᠋ᠸᠩ ᠶᠠ ᠯᠢ ᠨᠦ᠋ᠬᠦᠷ《ᠴᠸᠨ ᠴᠢᠶᠤᠤ ᠨᠢᠶᠠᠨ᠄ ᠢᠳ᠋ᠡᠭᠡᠯ ᠵᠤᠷᠢᠭ ᠤᠨ ᠪᠠᠳ᠋ᠤ ᠰᠠᠬᠢᠭᠴᠢ》ᠭᠡᠬᠦ ᠦᠯᠢᠭᠡᠷ ᠢ ᠤᠩᠰᠢᠪᠠ᠃ (ᠯᠸᠢ ᠫᠠᠩ)

ᠡᠮᠦᠨᠡᠬᠢ᠄ ᠪᠠᠶᠠᠷᠳ᠋ᠤᠬᠤᠰᠢᠭᠤ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠡᠢ᠌ᠳ᠋ᠡᠮ ᠬᠡᠷᠡᠭᠯᠡᠬᠦ ᠦᠭᠡ ᠬᠡᠯᠡ ᠦᠰᠦᠭ᠌ ᠪᠢᠴᠢᠭ᠌ ᠤᠨ ᠬᠠᠦᠯᠢ》《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠠ ᠶᠢ ᠠᠬᠢᠭᠤᠯᠬᠤ ᠲᠦ᠋ᠷᠢᠮ》 ᠢ ᠰᠤᠷᠤᠯᠴᠠᠪᠠ
ᠳᠠᠷᠠᠭᠠᠬᠢ᠄ ᠪᠠᠶᠠᠨᠬᠤᠸᠠ ᠭᠠᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠷᠴᠢᠨ ᠲᠤᠭᠤᠷᠢᠨ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠰᠠᠢ᠌ᠨ ᠲᠤᠷ᠎ᠠ ᠶᠢᠨ ᠠᠵᠢᠯᠯᠠᠭ᠎ᠠ ᠦᠷᠨᠢᠭᠦᠯᠪᠡ