ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠲᠤᠯᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ

9 ᠰᠠᠷ᠎ᠠ ᠶᠢᠨ 3 ᠤ ᠡᠳ᠋ᠦᠷ᠂ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠲᠤᠯᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠬᠤᠷᠠᠯ ᠢ ᠡᠷᠬᠢᠯᠡᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠡᠦ ᠰᠢᠶᠤᠤ᠂ ᠰᠦ᠋ᠩ ᠯᠢᠶᠠᠨ ᠡᠾᠦ᠋ᠢ ᠬᠤᠷᠠᠯ ᠳᠤ ᠤᠷᠤᠯᠴᠠᠵᠦ᠂ ᠬᠤᠰᠢᠭᠤᠨ ᠤ ᠤᠳ᠋ᠤᠷᠢᠳ᠋ᠤᠯᠭ᠎ᠠ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠳ᠋ᠢᠩ ᡁᠢ ᠭᠠᠩ ᠪᠤᠯᠤᠨ《ᠨᠢᠭᠡ ᠵᠦ᠋ᠪᠯᠡᠯ ᠬᠤᠶᠠᠷ ᠬᠤᠷᠢᠶ᠎ᠠ》ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ ᠬᠡᠰᠡᠭ᠌ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ᠂ ᠬᠤᠰᠢᠭᠤᠨ ᠤ ᠵᠠᠰᠠᠭ ᠤᠨ ᠤᠷᠳ᠋ᠤᠨ ᠤ ᠪᠦᠷᠢᠯᠳ᠋ᠦᠭᠦᠨ ᠰᠠᠯᠠᠭ᠎ᠠ ᠮᠦ᠋ᠴᠢᠷ ᠤᠨ ᠭᠤᠤᠯ ᠬᠠᠷᠢᠭᠤᠴᠠᠯᠭᠠᠳ᠋ᠠᠨ ᠬᠤᠷᠠᠯ ᠳᠦ ᠰᠤᠯᠠ ᠤᠷᠤᠯᠴᠠᠪᠠ᠃ ᠲᠤᠰ ᠤᠳ᠋ᠠᠭᠠᠨ ᠤ ᠬᠤᠷᠠᠯ ᠳᠤ ᠤᠷᠤᠯᠴᠠᠬᠤ ᠪᠠᠢ᠌ᠩᠭ᠋ᠤ ᠶᠢᠨ ᠬᠤᠷᠢᠶᠠᠨ ᠤ ᠭᠡᠰᠢᠭᠦᠨ 27 ᠨᠡᠷᠡᠰ᠂ ᠪᠤᠳ᠋ᠠᠳ᠋ᠠᠢ ᠤᠷᠤᠯᠴᠠᠭᠰᠠᠨ ᠨᠢ 22 ᠨᠡᠷᠡᠰ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃


ᠬᠤᠷᠠᠯ ᠡᠴᠡ ᠠᠵᠢᠯᠳ᠋ᠡᠨ ᠤ ᠶᠠᠪᠤᠳ᠋ᠠᠯ ᠤᠨ ᠲᠤᠰᠢᠶᠠᠯ ᠳᠤ ᠲᠤᠮᠢᠯᠠᠬᠤ ᠪᠠᠭᠤᠯᠭᠠᠬᠤ ᠵᠦ᠋ᠢᠯᠡᠰ ᠢ ᠶᠠᠪᠤᠭᠳ᠋ᠠᠭᠤᠯᠤᠨ᠂ ᠦᠷᠡᠪᠠᠳ᠋ᠤ ᠶᠢᠨ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠲᠤᠰᠢᠶᠠᠯ ᠡᠴᠡ ᠪᠠᠨ ᠪᠠᠭᠤᠬᠤ ᠶᠢ ᠵᠦ᠋ᠪᠰᠢᠶᠡᠷᠡᠪᠡ᠃

ᠬᠤᠷᠠᠯ ᠲᠡᠭᠡᠷ᠎ᠠ᠂ ᠲᠦ᠋ᠩ ᠯᠸᠢ᠂ ᠵᠤᠤ ᠡᠾᠦ᠋ᠢ ᠮᠢᠨ᠂ ᠵᠠᠩ ᠶᠤᠸᠠᠨ ᠶᠤᠸᠠᠨ᠂ ᠮᠦ᠋ᠴᠢᠷ᠂ ᠵᠠᠩ ᠴᠦ᠋ᠨ ᠡᠾᠦ᠋ᠢ ᠲᠤᠰ ᠲᠤᠰ ᠲᠤᠰᠢᠶᠡᠯ ᠡᠭᠦᠷᠭᠡᠯᠡᠬᠦ ᠶᠡᠷᠢᠶ᠎ᠠ ᠲᠠᠯᠪᠢᠵᠤ᠂ ᠬᠤᠷᠠᠯ ᠡᠴᠡ ᠪᠢᠯᠸᠲ ᠦᠭ᠍ᠴᠦ ᠰᠤᠩᠭ᠋ᠤᠬᠤ ᠪᠠᠷ ᠲᠠᠮᠵᠢᠨ ᠲᠦ᠋ᠩ ᠯᠸᠢ᠂ ᠵᠤᠤ ᠡᠾᠦ᠋ᠢ ᠮᠢᠨ᠂ ᠵᠠᠩ ᠶᠤᠸᠠᠨ ᠶᠤᠸᠠᠨ᠂ ᠮᠦ᠋ᠴᠢᠷ᠂ ᠵᠠᠩ ᠴᠦ᠋ᠨ ᠡᠾᠦ᠋ᠢ ᠶᠢ ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠭ᠍ᠴᠢ ᠶᠢᠨ ᠲᠤᠰᠢᠶᠠᠯ ᠳᠤ ᠲᠤᠮᠢᠯᠠᠪᠠ᠃ ᠡᠦ ᠴᠢᠩ ᠬᠠᠢ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠲᠤ ᠲᠤᠰᠢᠶᠠᠯ ᠳᠤ ᠲᠤᠮᠢᠯᠠᠬᠤ ᠪᠢᠴᠢᠭ᠌ ᠭᠠᠷᠳ᠋ᠠᠭᠤᠯᠵᠤ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃

ᠬᠤᠷᠠᠯ ᠡᠴᠡ《ᠵᠠᠷᠤᠳ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠭᠡᠰᠢᠭᠦᠳ ᠤᠨ ᠨᠡᠷᠡᠰ》(ᠲᠦ᠋ᠰᠦᠯ) ᠪᠤᠯᠤᠨ《ᠰᠤᠮᠤ ᠪᠠᠯᠭᠠᠰᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠭᠡᠰᠢᠭᠦᠳ ᠤᠨ ᠨᠡᠷᠡᠰ》(ᠲᠦ᠋ᠰᠦᠯ)᠂《ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠤᠷᠤᠨ ᠲᠤᠭ᠎ᠠ ᠵᠢᠴᠢ ᠪᠦᠳ᠋ᠦᠴᠡ ᠶᠢᠨ ᠬᠠᠷᠢᠴᠡᠯ ᠤᠨ ᠬᠤᠪᠢᠶᠠᠷᠯᠠᠯ ᠤᠨ ᠲᠦ᠋ᠰᠦᠯ》(ᠲᠦ᠋ᠰᠦᠯ)᠂ 《ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠤᠷᠤᠨ ᠲᠤᠭ᠎ᠠ ᠶᠢᠨ ᠬᠤᠪᠢᠶᠠᠷᠯᠠᠯ ᠤᠨ ᠬᠦᠰᠦᠨᠦᠭ᠍ᠳ᠋ᠦ》(ᠲᠦ᠋ᠰᠦᠯ)᠂《ᠵᠠᠷᠤᠳ ᠬᠤᠰᠢᠭᠤᠨ ᠤ ᠰᠤᠮᠤ ᠪᠠᠯᠭᠠᠰᠤᠨ ᠤ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠶᠡᠷᠦᠩᠬᠡᠢ ᠲᠤᠭ᠎ᠠ ᠶᠢ ᠲᠤᠭᠳ᠋ᠠᠭᠠᠬᠤ ᠲᠤᠬᠠᠢ ᠰᠢ᠌ᠳᠪᠦᠷᠢ》(ᠲᠦ᠋ᠰᠦᠯ) ᠶᠢ ᠵᠦ᠋ᠪᠯᠡᠨ ᠪᠠᠳ᠋ᠤᠯᠠᠪᠠ ᠂ ᠬᠤᠷᠠᠯ ᠡᠴᠡ《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠡᠷᠡᠭ᠍ᠵᠢᠭᠦᠯᠬᠦ ᠲᠦ᠋ᠰᠦᠯ》(ᠲᠦ᠋ᠰᠦᠯ) ᠢ ᠬᠢᠨᠠᠨ ᠵᠦ᠋ᠪᠯᠡᠵᠦ ᠪᠠᠳ᠋ᠤᠯᠠᠪᠠ᠃ ᠬᠤᠷᠠᠯ ᠡᠴᠡ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ《〈ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠦᠷ᠎ᠠ ᠶᠢᠨ ᠬᠠᠦᠯᠢ〉 ᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠲᠤᠬᠠᠢ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠮᠡᠳ᠋ᠡᠭᠦᠯᠦᠯᠳ᠋ᠡ》ᠵᠢ ᠰᠤᠨᠤᠰᠴᠦ ᠬᠢᠨᠠᠨ ᠵᠦ᠋ᠪᠯᠡᠪᠡ᠂ 《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠳ᠋ᠠᠯᠳ᠋ᠤᠭ᠎ᠠ ᠡᠷᠬᠢᠯᠡᠬᠦ ᠤᠷᠴᠢᠨ ᠨᠦ᠋ᠭᠦᠴᠡᠯ ᠢ ᠤᠯᠠᠮ ᠨᠢᠭᠡ ᠠᠯᠬᠤᠮ ᠰᠢᠯᠢᠳ᠋ᠡᠭ᠍ᠵᠢᠭᠦᠯᠬᠦ ᠲᠤᠬᠠᠢ ᠰᠢᠢᠳᠪᠦᠷᠢ》 ᠢ ᠰᠤᠨᠤᠰᠴᠦ ᠬᠢᠨᠠᠨ ᠵᠦ᠋ᠪᠯᠡᠪᠡ᠃ (ᠯᠸᠢ ᠫᠠᠩ)