ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠭᠡᠷᠴᠢᠯᠠᠭᠤ ᠰᠤᠮᠤᠨ ᠤ ᠠᠷᠪᠠᠨ ᠵᠢᠷᠭᠤᠳ᠋ᠤᠭᠠᠷ᠁
ᠭᠡᠷᠴᠢᠯᠠᠭᠤ ᠰᠤᠮᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠯᠤᠳ᠋ᠤᠭᠠᠷ ᠤᠳ᠋ᠠᠭᠠᠨ ᠤ ᠬᠤᠷᠠᠯ ᠠᠮᠵᠢᠯᠳ᠋ᠠ ᠲᠡᠶ ᠲᠡᠭᠦᠰᠪᠠ


       

   8 ᠰᠠᠷ᠎ᠠ ᠶᠢᠨ 30 ᠤ ᠡᠳ᠋ᠦᠷ᠂ ᠭᠡᠷᠴᠢᠯᠠᠭᠤ ᠰᠤᠮᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠯᠤᠳ᠋ᠤᠭᠠᠷ ᠤᠳ᠋ᠠᠭᠠᠨ ᠤ ᠬᠤᠷᠠᠯ ᠠᠮᠵᠢᠯᠳ᠋ᠠ ᠲᠡᠶ ᠬᠤᠷᠠᠯᠳ᠋ᠤᠵᠤ᠂ ᠬᠤᠷᠠᠯ ᠳᠤ ᠰᠤᠮᠤᠨ ᠤ ᠱᠠᠳ᠋ᠤᠨ ᠤ ᠠᠷᠠᠳ ᠤᠨ ᠲᠦ᠋ᠯᠦᠭᠡᠯᠡᠭ᠍ᠴᠢ 37 ᠨᠡᠷᠡᠰ ᠤᠷᠤᠯᠴᠠᠨ᠂ 10 ᠨᠡᠷᠡᠰ ᠬᠦᠮᠦᠨ ᠰᠤᠯᠠ ᠤᠷᠤᠯᠴᠠᠪᠠ᠃ 

       
           ᠬᠤᠷᠠᠯ ᠡᠴᠡ ᠡᠮᠦᠨ᠎ᠠ᠂ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢ ᠰᠡᠷᠡᠮᠵᠢᠯᠡᠭᠦᠯᠬᠦ ᠬᠦᠮᠦᠵᠢᠯ ᠤᠨ  ᠸᠢᠳᠢᠣ᠋ ᠦᠵᠡᠭ᠍ᠰᠡᠨ ᠪᠦᠭᠡᠳ ᠠᠷᠠᠳ ᠤᠨ ᠲᠦ᠋ᠯᠦᠭᠡᠯᠡᠭ᠍ᠴᠢ ᠤᠯᠤᠰ ᠲᠦ᠋ᠷᠦ ᠶᠢᠨ ᠵᠦ᠋ᠪᠯᠡᠯ ᠤᠨ ᠭᠡᠰᠢᠭᠦᠨ ᠲᠡᠶ ᠬᠠᠮᠳ᠋ᠤ《ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠡ ᠶᠢᠨ ᠤᠬᠠᠮᠰᠡᠷ ᠢ ᠪᠠᠳ᠋ᠤ ᠴᠤᠭᠴᠠᠯᠠᠬᠤ》ᠰᠤᠳ᠋ᠤᠯᠤᠨ ᠶᠠᠷᠢᠯᠴᠠᠬᠤ ᠬᠤᠷᠠᠯ ᠳᠤ ᠲᠦ᠋ᠪᠯᠡᠷᠡᠨ ᠤᠷᠤᠯᠴᠠᠪᠠ᠃

         


       
           ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢ ᠤᠷᠢᠳ ᠬᠤᠵᠢᠳ ᠭᠡᠷᠴᠢᠯᠠᠭᠤ ᠰᠤᠮᠤᠨ ᠤ《ᠵᠠᠰᠠᠭ ᠤᠨ ᠤᠷᠳ᠋ᠤᠨ ᠤ ᠠᠵᠢᠯ ᠤᠨ ᠢᠯᠡᠳᠭᠡᠯ》 ᠪᠠ 《ᠠᠷᠠᠳ ᠤᠨ ᠲᠦ᠋ᠯᠦᠭᠡᠯᠡᠭ᠍ᠴᠢ ᠶᠢᠨ ᠲᠡᠷᠢᠭᠦᠯᠡᠭ᠍ᠴᠢ ᠶᠢᠨ ᠪᠦᠯᠬᠦᠮ ᠤᠨ ᠠᠵᠢᠯ ᠤᠨ ᠮᠡᠳ᠋ᠡᠭᠦᠯᠦᠯᠳ᠋ᠡ》ᠵᠢ ᠰᠤᠨᠤᠰᠬᠤ ᠶᠢᠨ ᠬᠠᠮᠳ᠋ᠤ ᠬᠢᠨᠡᠨ ᠵᠦ᠋ᠪᠯᠡᠪᠡ᠃

       
            ᠬᠤᠶᠠᠳ᠋ᠤᠭᠠᠷ ᠤᠳ᠋ᠠᠭᠠᠨ ᠤ ᠪᠦᠬᠦ ᠭᠡᠰᠢᠭᠦᠨ ᠤ ᠶᠡᠬᠡ ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢ ᠰᠤᠮᠤᠨ ᠤ《ᠵᠠᠰᠠᠭ ᠤᠨ ᠤᠷᠳ᠋ᠤᠨ ᠤ ᠠᠵᠢᠯ ᠤᠨ ᠢᠯᠡᠳᠭᠡᠯ》ᠪᠠ《ᠠᠷᠠᠳ ᠤᠨ ᠲᠦ᠋ᠯᠦᠭᠡᠯᠡᠭ᠍ᠴᠢ ᠶᠢᠨ ᠲᠡᠷᠢᠭᠦᠯᠡᠭ᠍ᠴᠢ ᠶᠢᠨ ᠪᠦᠯᠬᠦᠮ ᠤᠨ ᠠᠵᠢᠯ ᠤᠨ ᠮᠡᠳ᠋ᠡᠭᠦᠯᠦᠯᠳ᠋ᠡ》 ᠵᠢ ᠪᠦᠬᠦ ᠪᠢᠯᠸᠲ ᠶᠢᠡᠷ ᠪᠠᠳ᠋ᠤᠯᠠᠪᠠ᠃ (ᠯᠸᠢ ᠫᠠᠩ)

ᠡᠮᠦᠨᠡᠬᠢ᠄ ᠪᠠᠶᠠᠨᠬᠤᠸᠠ ᠭᠠᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠪᠠᠭ᠎ᠠ ᠲᠤᠭᠤᠢ᠌ᠯᠠᠩ ᠤᠷᠴᠢᠨ ᠲᠤᠭᠤᠷᠢᠨ ᠡᠷᠡᠭᠦᠯ ᠬᠠᠮᠠᠭᠠᠯᠠᠯ ᠢ ᠴᠡᠭ᠍ᠴᠡᠯᠡᠨ ᠵᠠᠰᠠᠬᠤ ᠰᠠᠢ᠌ᠨ ᠲᠤᠷ᠎ᠠ ᠶᠢᠨ ᠠᠵᠢᠯᠯᠠᠭ᠎ᠠ ᠦᠷᠨᠢᠭᠦᠯᠪᠡ
ᠳᠠᠷᠠᠭᠠᠬᠢ᠄ ᠭᠠᠬᠠᠢ᠌ᠳ᠋ᠤ ᠪᠠᠯᠭᠠᠰᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠢᠷᠭᠤᠳ᠋ᠤᠭᠠᠷ ᠤᠳ᠋ᠠᠭᠠᠨ ᠤ ᠬᠤᠷᠠᠯ ᠠᠮᠵᠢᠯᠳ᠋ᠡ ᠲᠡᠶ ᠬᠤᠷᠠᠯᠳ᠋ᠤᠪᠠ