ᠵᠠᠷᠤᠳ ᠬᠤᠰᠢᠭᠤᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠤᠷᠠᠯ ᠬᠤᠷᠠᠯᠳ᠋ᠤᠪᠠ

9 ᠰᠠᠷ᠎ᠠ ᠶᠢᠨ 9 ᠤ ᠡᠳ᠋ᠦᠷ ᠤᠨ ᠦᠳ᠋ᠡ ᠶᠢᠨ ᠡᠮᠦᠨ᠎ᠠ᠂ ᠵᠠᠷᠤᠳ ᠬᠣᠰᠢᠭᠤᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠤᠷᠠᠯ ᠬᠤᠷᠠᠯᠳ᠋ᠤᠭᠤᠯᠵᠤ᠂ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠪᠦᠷᠢᠯᠳ᠋ᠦᠭᠦᠨ ᠭᠡᠰᠢᠭᠦᠨ᠂ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠵᠢᠴᠢ ᠡᠯ᠎ᠠ ᠠᠵᠢᠯ ᠤᠨ ᠵᠦ᠋ᠪᠯᠡᠯ ᠤᠨ ᠡᠷᠬᠢᠯᠡᠭ᠍ᠴᠢ᠂ ᠲᠡᠳ᠋ ᠡᠷᠬᠢᠯᠡᠭ᠍ᠴᠢ᠂ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦ᠋ᠵᠢ᠂ ᠲᠡᠳ᠋ ᠱᠦ᠋ᠵᠢ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ᠂ ᠵᠤᠬᠢᠶᠠᠨ ᠪᠠᠢ᠌ᠭᠤᠯᠬᠤ ᠭᠡᠰᠢᠭᠦᠨ᠂ ᠡᠯ᠎ᠠ ᠤᠯᠤᠰ ᠤᠨ ᠦᠮᠴᠢᠯᠡᠯᠳ᠋ᠦ ᠲᠠᠷᠢᠶᠠᠯᠠᠩ ᠮᠠᠯᠵᠢᠯ ᠤᠨ ᠲᠠᠯᠠᠪᠠᠢ ᠪᠠ ᠡᠯ᠎ᠠ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦ᠋ᠵᠢ ᠭᠦᠸᠸ ᠮᠢᠩ ᠴᠢᠶᠦ᠋ᠨ ᠡᠷᠬᠢᠯᠡᠪᠡ᠃

ᠱᠤᠤ ᠶᠠᠨ ᠵᠢᠶᠦ᠋ᠨ ᠡᠴᠡ᠂ ᠨᠠᠮ ᠤᠨ ᠤᠳ᠋ᠤᠷᠢᠳ᠋ᠤᠯᠭ᠎ᠠ ᠶᠢ ᠪᠠᠷᠢᠮᠳ᠋ᠠᠯᠠᠬᠤ᠂ ᠠᠷᠠᠳ ᠲᠦ᠋ᠮᠡᠨ ᠤ ᠭᠤᠤᠯ ᠴᠤᠭᠴᠠ ᠶᠢᠨ ᠪᠠᠢ᠌ᠷᠢ ᠰᠠᠭᠤᠷᠢ ᠶᠢ ᠪᠠᠷᠢᠮᠳ᠋ᠠᠯᠠᠬᠤ᠂ ᠬᠠᠦᠯᠢ ᠶᠢ ᠴᠢᠩᠭ᠎ᠠ ᠵᠢᠷᠤᠮᠯᠡᠨ ᠠᠵᠢᠯᠯᠠᠬᠤ ᠭᠤᠷᠪᠠᠨ ᠵᠠᠷᠴᠢᠮ ᠢ ᠪᠠᠷᠢᠮᠳ᠋ᠠᠯᠠᠬᠤ ᠶᠢ ᠬᠤᠭᠤᠴᠠᠭ᠎ᠠ ᠰᠤᠯᠢᠬᠤ ᠠᠵᠢᠯ ᠤᠨ ᠪᠦᠬᠦ ᠶᠠᠪᠤᠴᠠ ᠪᠠ ᠡᠯ᠎ᠠ ᠲᠠᠯ᠎ᠠ ᠳᠤ ᠲᠤᠭᠤᠰᠢᠯᠠᠭᠤᠯᠵᠤ᠂ ᠵᠦ᠋ᠪ ᠤᠨᠤᠪᠴᠢᠳ᠋ᠠᠢ ᠬᠦᠮᠦᠨ ᠰᠤᠩᠭ᠋ᠤᠵᠤ ᠬᠦᠮᠦᠨ ᠬᠡᠷᠡᠭᠯᠡᠬᠦ ᠤᠳ᠋ᠤᠷᠢᠳ᠋ᠤᠮᠵᠢ ᠶᠢ ᠪᠤᠢ ᠪᠤᠯᠭᠠᠵᠤ᠂ ᠵᠢᠱᠢᠭ᠍ᠳ᠋ᠡᠭ᠍ᠴᠢ ᠶᠢᠨ ᠲᠤᠬᠠᠢ᠌ᠯᠠᠭᠰᠠᠨ ᠠᠵᠢᠯ ᠤᠨ ᠢᠯᠡᠷᠡᠯ ᠢ ᠴᠢᠬᠤᠯᠠᠴᠢᠯᠠᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃


ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ 《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠰᠠᠢ᠌ᠳ᠋ᠤᠷ ᠬᠢᠬᠦ ᠲᠤᠬᠠᠢ ᠰᠠᠨᠠᠯ》 ᠳᠤ ᠲᠠᠢ᠌ᠯᠤᠮᠵᠢ ᠬᠢᠭ᠍ᠰᠡᠨ ᠪᠦᠭᠡᠳ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠤᠨ ᠴᠢᠬᠤᠯᠠ ᠴᠠᠭ ᠬᠤᠭᠤᠴᠠᠭ᠎ᠠ᠂ ᠴᠢᠬᠤᠯᠠ ᠠᠵᠢᠯ ᠤᠨ ᠭᠤᠭᠴᠤᠭ᠎ᠠ ᠳᠤ ᠨᠠᠷᠢᠯᠢᠭ ᠲᠤᠬᠢᠷᠠᠭᠤᠯᠤᠨ ᠪᠠᠢ᠌ᠷᠢᠯᠠᠭᠤᠯᠤᠯᠳ᠋ᠠ ᠬᠢᠪᠡ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠡᠷᠡᠭᠦᠯ ᠬᠠᠮᠠᠭᠠᠯᠠᠯ ᠤᠨ ᠵᠦ᠋ᠪᠯᠡᠯ ᠤᠨ ᠲᠡᠳ᠋ ᠡᠷᠬᠢᠯᠡᠭ᠍ᠴᠢ ᠭᠡᠰᠢᠭᠦᠨ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠰᠬᠠᠢ ᠲᠤᠰᠢᠶᠠᠯᠳ᠋ᠤ ᠭᠡᠰᠢᠭᠦᠨ ᠴᠸᠩ ᠡᠾᠦ᠋ᠢ ᠮᠢᠨ ᠪᠦᠬᠦ ᠬᠤᠰᠢᠭᠤᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠳᠤ ᠲᠤᠰᠬᠠᠢ ᠰᠡᠳ᠋ᠦᠪᠳ᠋ᠦ ᠪᠤᠯᠪᠠᠰᠤᠷᠠᠯ ᠬᠢᠪᠡ᠃ (ᠯᠸᠢ ᠫᠠᠩ)