ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠦ᠋ᠯᠬᠢᠨ ᠠᠬᠢᠭᠤᠯᠬᠤ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠪᠠ

9 ᠰᠠᠷ᠎ᠠ ᠶᠢᠨ 9 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠦ᠋ᠯᠬᠢᠨ ᠠᠬᠢᠭᠤᠯᠬᠤ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠤᠨ᠂ ᠲᠠᠷᠠᠭᠠᠴᠢ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠬᠤᠷᠠᠯ ᠳᠤ ᠰᠠᠭᠠᠳ᠋ᠠᠵᠤ᠂ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ ᠵᠢᠴᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ᠂ ᠯᠦ᠋ᠪᠸᠢ ᠵᠡᠭᠡᠯᠢ ᠭᠤᠳ᠋ᠤᠮᠵᠢ ᠶᠢᠨ ᠨᠠᠮ ᠤᠨ ᠠᠵᠢᠯᠯᠠᠬᠤ ᠵᠦ᠋ᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

ᠬᠤᠷᠠᠯ ᠡᠴᠡ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦ᠋ᠴᠢᠷ ᠤᠨ ᠬᠢᠨ ᠲᠠᠷᠢᠬᠢ ᠲᠤᠯᠤᠭᠠᠢ ᠪᠠᠨ ᠤᠯᠠᠮ ᠨᠢᠭᠡ ᠠᠯᠬᠤᠮ ᠵᠡᠪᠰᠡᠭᠯᠡᠨ᠂ ᠦᠵᠡᠯ ᠰᠠᠨᠠᠭᠠᠨ ᠤ ᠲᠠᠨᠢᠯᠳ᠋ᠡ ᠪᠠᠨ ᠲᠡᠭᠡᠭ᠍ᠰᠢᠯᠡᠭᠦᠯᠵᠦ᠂ ᠦᠨᠳ᠋ᠦᠰᠦᠨ ᠬᠠᠦᠯᠢ᠂ ᠰᠤᠩᠭ᠋ᠤᠭᠤᠯᠢ ᠶᠢᠨ ᠬᠠᠦᠯᠢ ᠪᠠ ᠤᠷᠤᠨ ᠨᠤᠳ᠋ᠤᠭ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ ᠵᠡᠷᠭᠡ ᠬᠠᠦᠯᠢ ᠴᠠᠭᠠᠵᠠ ᠬᠠᠦᠯᠢ ᠲᠤᠭᠳ᠋ᠠᠭᠠᠯ ᠢ ᠨᠠᠷᠢᠨ ᠬᠢᠨᠠᠮᠠᠭᠠᠢ ᠰᠤᠷᠤᠯᠴᠠᠨ ᠤᠢ᠌ᠯᠠᠭᠠᠵᠤ᠂ ᠦᠪᠡᠷᠳ᠋ᠡᠭᠡᠨ ᠵᠠᠰᠠᠬᠤ ᠤᠷᠤᠨ ᠤ ᠲᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠢ ᠰᠠᠢ᠌ᠳ᠋ᠤᠷ ᠡᠵᠡᠮᠰᠢᠨ᠂ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠪᠠᠨ ᠴᠢᠩᠭ᠋ᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠲᠦ᠋ᠪᠰᠢᠨ ᠶᠢᠡᠨ ᠲᠡᠭᠡᠭ᠍ᠰᠢᠯᠡᠭᠦᠯᠦᠨ᠂ ᠤᠨᠤᠯ ᠤᠨ ᠰᠤᠷᠤᠯᠴᠠᠯᠭ᠎ᠠ ᠶᠢ ᠠᠵᠢᠯ ᠤᠨ ᠦᠢᠯᠡᠳ᠋ᠦᠯᠭᠡ ᠲᠡᠶ ᠨᠢᠭᠳ᠋ᠠ ᠤᠶᠠᠯᠳ᠋ᠤᠭᠤᠯᠤᠨ᠂ ᠬᠤᠪᠢ ᠪᠡᠶ᠎ᠠ ᠪᠠᠷ ᠶᠢᠡᠨ ᠭᠠᠷᠳ᠋ᠠᠨ ᠬᠢᠵᠦ᠂ ᠤᠯᠤᠰ ᠲᠦ᠋ᠷᠦ ᠶᠢᠨ ᠪᠤᠭᠤᠮᠳ᠋ᠠ ᠪᠠ ᠬᠡᠪ ᠴᠢᠨᠠᠷ ᠤᠨ ᠪᠤᠭᠤᠮᠳ᠋ᠠ ᠶᠢ ᠴᠢᠩᠭ᠎ᠠ ᠠᠳᠬᠤᠨ᠂ ᠦᠨᠳ᠋ᠦᠰᠦᠨ ᠬᠠᠦᠯᠢ ᠪᠠ ᠬᠠᠦᠯᠢ ᠴᠠᠭᠠᠵᠠ ᠶᠢ ᠵᠢᠱᠢᠶᠡᠴᠢ ᠪᠠᠷ ᠵᠢᠷᠤᠮᠯᠡᠨ ᠰᠠᠬᠢᠬᠤ᠂ ᠨᠠᠮ ᠤᠨ ᠱᠤᠭᠤᠮ ᠴᠢᠭᠯᠡᠯᠳ᠋ᠡ ᠲᠦ᠋ᠷᠦ ᠶᠢᠨ ᠪᠤᠳ᠋ᠤᠯᠭ᠎ᠠ ᠶᠢ ᠬᠦᠷᠢᠶᠡᠯᠡᠬᠦ᠂ ᠠᠷᠠᠳ ᠲᠦ᠋ᠮᠡᠨ ᠲᠡᠶ ᠨᠢᠭᠳ᠋ᠠ ᠬᠠᠷᠢᠯᠴᠠᠬᠤ᠂ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ᠂ ᠲᠦ᠋ᠪ ᠭᠤᠤᠯᠴᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠲᠡᠶ ᠬᠦᠮᠦᠨ ᠢ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠴᠢ ᠪᠠᠷ ᠲᠡᠪᠰᠢᠭᠦᠯᠦᠨ᠂ ᠲᠤᠰ ᠤᠳ᠋ᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠲᠡᠭᠦᠰ ᠠᠮᠵᠢᠯᠳ᠋ᠠ ᠲᠡᠶ ᠪᠡᠶᠡᠯᠡᠭ᠍ᠳ᠋ᠡᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)