ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ᠁
ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠬᠤᠷᠠᠯ ᠬᠤᠷᠠᠯᠳ᠋ᠤᠪᠠ

       
          9 ᠰᠠᠷ᠎ᠠ ᠶᠢᠨ 14 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠬᠤᠷᠠᠯ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ ᠵᠠᠩ ᠬᠠᠨ ᠰᠦ᠋ᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠬᠤᠷᠠᠯ ᠳᠤ ᠰᠠᠭᠠᠳ᠋ᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ ᠵᠢᠴᠢ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠤᠨ ᠪᠦᠬᠦ ᠨᠦ᠋ᠬᠦᠳ ᠬᠤᠷᠠᠯ ᠳᠤ ᠤᠷᠤᠯᠴᠠᠪᠠ᠃

       
           ᠬᠤᠷᠠᠯ ᠡᠴᠡ᠂ ᠰᠤᠮᠤ ᠪᠠᠯᠭᠠᠰᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠦ᠋ᠯᠬᠢᠨ ᠠᠬᠢᠭᠤᠯᠵᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠲᠡᠭᠦᠰ ᠠᠮᠵᠢᠯᠳ᠋ᠠ ᠲᠡᠶ ᠪᠡᠶᠡᠯᠡᠭᠦᠯᠬᠦ ᠶᠢ ᠪᠠᠳ᠋ᠤᠯᠠᠬᠤ ᠶᠢᠨ ᠲᠦ᠋ᠯᠦᠭᠡ᠂ ᠬᠤᠰᠢᠭᠤᠨ ᠤ ᠨᠠᠮ ᠤᠨ ᠬᠤᠷᠢᠶ᠎ᠠ 31 ᠰᠢᠯᠢᠳ᠋ᠡᠭ᠌ ᠭᠦᠴᠦᠨ ᠢ ᠲᠠᠳ᠋ᠠᠵᠤ 6 ᠬᠢᠨᠠᠨ ᠵᠢᠯᠤᠭᠤᠳᠬᠤ ᠲᠤᠭᠤᠢ᠌ᠯᠠᠩ ᠪᠠᠢ᠌ᠭᠤᠯᠵᠤ᠂ ᠬᠠᠷᠢᠯᠴᠠᠵᠤ ᠪᠠᠢ᠌ᠭ᠎ᠠ ᠰᠤᠮᠤ᠂ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠪᠠᠢ᠌ᠴᠠᠭᠠᠵᠤ ᠵᠢᠯᠤᠭᠤᠳ᠋ᠤᠨ᠂ ᠦᠨᠳ᠋ᠦᠰᠦᠨ ᠱᠠᠳ᠋ᠤᠨ ᠤ ᠰᠠᠨᠠᠯ ᠰᠠᠨᠠᠭᠤᠯᠭ᠎ᠠ ᠶᠢ ᠦᠷᠭᠡᠨ ᠶᠢᠡᠷ ᠰᠤᠨᠤᠰᠴᠦ᠂ ᠬᠤᠭᠤᠴᠠᠭ᠎ᠠ ᠰᠤᠯᠢᠬᠤ ᠠᠵᠢᠯ ᠤᠨ ᠪᠠᠢ᠌ᠳ᠋ᠠᠯ ᠢ ᠴᠠᠭ ᠲᠤᠬᠠᠢ ᠲᠤᠨᠢ ᠡᠵᠡᠮᠰᠢᠨ᠂ ᠬᠢᠨᠠᠨ ᠵᠢᠯᠤᠭᠤᠳ᠋ᠤᠭᠰᠠᠨ ᠪᠠᠢ᠌ᠳ᠋ᠠᠯ ᠪᠠ ᠰᠠᠨᠠᠯ ᠢ ᠦᠨᠡᠨ ᠪᠤᠳ᠋ᠠᠳ᠋ᠠᠢ ᠪᠠᠷ ᠲᠤᠰᠬᠠᠵᠤ᠂ ᠬᠤᠰᠢᠭᠤᠨ ᠤ ᠨᠠᠮ ᠤᠨ ᠬᠤᠷᠢᠶᠠᠨ ᠤ ᠰᠢ᠌ᠳᠪᠦᠷᠢᠳ᠋ᠦ ᠪᠤᠳ᠋ᠤᠯᠭ᠎ᠠ ᠲᠤᠭᠳ᠋ᠠᠭᠠᠬᠤ ᠳᠤ ᠢᠳ᠋ᠡᠪᠬᠢᠳ᠋ᠠᠢ ᠰᠠᠢ᠌ᠨ ᠵᠦ᠋ᠪᠯᠡᠭ᠍ᠴᠢ ᠪᠤᠯᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃

         
          ᠬᠤᠷᠠᠯ ᠡᠴᠡ᠂ ᠤᠨᠤᠯ ᠶᠢᠡᠷ ᠲᠠᠷᠢᠬᠢ ᠲᠤᠯᠤᠭᠠᠢ ᠪᠠᠨ ᠤᠯᠠᠮ ᠨᠢᠭᠡ ᠠᠯᠬᠤᠮ ᠵᠡᠪᠰᠡᠭᠯᠡᠨ᠂ ᠦᠵᠡᠯ ᠰᠠᠨᠠᠭᠠᠨ ᠤ ᠲᠠᠨᠢᠯᠳ᠋ᠡ ᠪᠠᠨ ᠲᠡᠭᠡᠭ᠍ᠰᠢᠯᠡᠭᠦᠯᠵᠦ᠂ ᠦᠨᠳ᠋ᠦᠰᠦᠨ ᠬᠠᠦᠯᠢ᠂ ᠰᠤᠩᠭ᠋ᠤᠭᠤᠯᠢ ᠶᠢᠨ ᠬᠠᠦᠯᠢ ᠪᠠ ᠤᠷᠤᠨ ᠨᠤᠳ᠋ᠤᠭ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ ᠵᠡᠷᠭᠡ ᠬᠠᠦᠯᠢ ᠴᠠᠭᠠᠵᠠ ᠬᠠᠦᠯᠢ ᠲᠤᠭᠳ᠋ᠠᠭᠠᠯ ᠢ ᠨᠠᠷᠢᠨ ᠬᠢᠨᠠᠮᠠᠭᠠᠢ ᠰᠤᠷᠤᠯᠴᠠᠨ ᠤᠢ᠌ᠯᠠᠭᠠᠵᠤ᠂ ᠦᠪᠡᠷᠳ᠋ᠡᠭᠡᠨ ᠵᠠᠰᠠᠬᠤ ᠤᠷᠤᠨ ᠤ ᠲᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠢ ᠰᠠᠢ᠌ᠳ᠋ᠤᠷ ᠡᠵᠡᠮᠰᠢᠨ᠂ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠪᠠᠨ ᠴᠢᠩᠭ᠋ᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠲᠦ᠋ᠪᠰᠢᠨ ᠶᠢᠡᠨ ᠲᠡᠭᠡᠭ᠍ᠰᠢᠯᠡᠭᠦᠯᠦᠨ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠠᠪᠤᠴᠠ ᠪᠠ ᠲᠦ᠋ᠰᠦᠯ ᠤᠨ ᠱᠠᠭᠠᠷᠳ᠋ᠠᠯᠭ᠎ᠠ ᠶᠢ ᠴᠢᠩᠭ᠎ᠠ ᠵᠢᠷᠤᠮᠯᠡᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠤᠩᠭ᠋ᠤᠭᠤᠯᠢ ᠶᠢᠨ ᠠᠵᠢᠯ ᠢ ᠡᠮᠬᠢ ᠵᠢᠷᠤᠮ ᠲᠡᠶ ᠬᠠᠦᠯᠢ ᠲᠤᠭᠳ᠋ᠠᠭᠠᠯ ᠶᠤᠰᠤᠭᠠᠷ ᠲᠦ᠋ᠯᠬᠢᠨ ᠠᠬᠢᠭᠤᠯᠵᠤ᠂ ᠬᠢᠨᠠᠨ ᠵᠢᠯᠤᠭᠤᠳᠬᠤ ᠪᠠᠨ ᠴᠢᠩᠭ᠋ᠠᠳᠬᠠᠨ᠂ ᠤᠬᠠᠭᠤᠯᠭ᠎ᠠ ᠶᠢᠨ ᠵᠠᠷᠴᠢᠮ ᠶᠢᠡᠨ ᠴᠢᠩᠭ᠋ᠠᠷᠠᠭᠤᠯᠵᠤ᠂ ᠬᠤᠭᠤᠴᠠᠭ᠎ᠠ ᠰᠤᠯᠢᠬᠤ ᠰᠠᠢ᠌ᠨ ᠰᠠᠢ᠌ᠬᠠᠨ ᠠᠭᠤᠷ ᠠᠮᠢᠰᠬᠤᠯ ᠢ ᠪᠤᠢ ᠪᠤᠯᠭᠠᠨ᠂ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠮᠡᠳ᠋ᠡᠷᠡᠮᠵᠢ ᠶᠢᠨ ᠨᠤᠷᠮ᠎ᠠ ᠪᠠ ᠤᠷᠤᠯᠴᠠᠬᠤ ᠨᠤᠷᠮ᠎ᠠ ᠶᠢ ᠦᠨᠡᠨᠬᠦ ᠲᠡᠭᠡᠭ᠍ᠰᠢᠯᠡᠭᠦᠯᠵᠦ᠂ ᠰᠤᠩᠭ᠋ᠤᠭᠤᠯᠢ ᠶᠢᠨ ᠠᠷᠠᠳ ᠤᠨ ᠢᠳ᠋ᠡᠪᠬᠢᠵᠢᠯ ᠢ ᠭᠦᠢᠴᠡᠳ ᠲᠠᠢ᠌ᠴᠢᠯᠡᠨ᠂ ᠬᠢᠨᠠᠨ ᠵᠢᠯᠤᠭᠤᠳᠬᠤ ᠡᠭᠦᠷᠭᠡ ᠪᠠᠨ ᠲᠡᠭᠦᠰ ᠠᠮᠵᠢᠯᠳ᠋ᠡ ᠲᠡᠶ ᠪᠡᠶᠡᠯᠡᠭᠦᠯᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃

       
           ᠬᠤᠷᠠᠯ ᠲᠡᠭᠡᠷ᠎ᠠ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠳ᠋ᠡᠰ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ《ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠢ ᠲᠤᠮᠢᠯᠠᠬᠤ ᠮᠡᠳ᠋ᠡᠭ᠍ᠳ᠋ᠡᠯ》 ᠢ ᠤᠩᠰᠢᠨ ᠨᠡᠢ᠌ᠳ᠋ᠡᠯᠡᠪᠡ︔ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ ᠶᠢᠨ ᠬᠢᠨᠠᠨ ᠪᠠᠢ᠌ᠴᠠᠭᠠᠬᠤ ᠵᠦ᠋ᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠠᠵᠢᠯ ᠤᠨ ᠰᠠᠬᠢᠯᠭ᠎ᠠ ᠪᠠᠳ᠋ᠤ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ︔ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ《ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠲᠦ᠋ᠰᠦᠯ》 ᠳᠤ ᠲᠠᠢ᠌ᠯᠤᠮᠵᠢ ᠬᠢᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠦ᠋ᠯᠬᠢᠨ ᠠᠬᠢᠭᠤᠯᠬᠤ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠨ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢ ᠲᠠᠢ᠌ᠴᠢᠯᠡᠨ ᠪᠠᠢ᠌ᠷᠢᠯᠠᠭᠤᠯᠬᠤ ᠬᠤᠷᠠᠯ ᠬᠤᠷᠠᠯᠳ᠋ᠤᠪᠠ