ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠨ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢ ᠲᠠᠢ᠌ᠴᠢᠯᠡᠨ ᠪᠠᠢ᠌ᠷᠢᠯᠠᠭᠤᠯᠬᠤ ᠬᠤᠷᠠᠯ ᠬᠤᠷᠠᠯᠳ᠋ᠤᠪᠠ

9 ᠰᠠᠷ᠎ᠠ ᠶᠢᠨ 15 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠨ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢ ᠲᠠᠢ᠌ᠴᠢᠯᠡᠨ ᠪᠠᠢ᠌ᠷᠢᠯᠠᠭᠤᠯᠬᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ᠂ ᠵᠠᠩ ᠶᠦ᠋ᠩ ᠴᠢᠶᠠᠩ ᠬᠤᠷᠠᠯ ᠳᠤ ᠰᠠᠭᠠᠳ᠋ᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠪᠠ᠃


ᠡᠦ ᠴᠢᠩ ᠬᠠᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠨ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢ ᠲᠠᠢ᠌ᠴᠢᠯᠡᠨ ᠪᠠᠢ᠌ᠷᠢᠯᠠᠭᠤᠯᠬᠤ ᠶᠢᠨ ᠬᠠᠮᠳ᠋ᠤ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠪᠠ᠃

ᠡᠦ ᠴᠢᠩ ᠬᠠᠢ ᠡᠴᠡ᠂ ᠦᠩᠭᠡᠨ ᠲᠠᠯ᠎ᠠ ᠪᠠ ᠦᠨᠳ᠋ᠦᠰᠦᠨ ᠡᠴᠡ ᠨᠢ ᠵᠠᠰᠠᠬᠤ ᠶᠢ ᠴᠢᠬᠤᠯᠠᠴᠢᠯᠡᠨ᠂ ᠴᠡᠭ᠍ᠴᠡᠯᠡᠨ ᠰᠠᠢ᠌ᠵᠢᠷᠠᠭᠤᠯᠬᠤ ᠶᠢ ᠦᠨᠡᠨ ᠬᠦ ᠪᠠᠳ᠋ᠤᠯᠠᠵᠤ᠂ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠰᠢᠭᠤᠳ ᠬᠡᠷᠡᠭ᠌ ᠲᠤ ᠬᠤᠯᠪᠤᠭᠳ᠋ᠠᠭᠰᠠᠨ ᠠᠰᠠᠭᠤᠳ᠋ᠠᠯ ᠪᠠᠢ᠌ᠬᠤ ᠡᠰᠡᠬᠦ᠂ ᠦᠪᠡᠷ ᠢ ᠪᠠᠨ ᠪᠠᠭᠳ᠋ᠠᠭᠠᠨ᠂ ᠬᠠᠷᠢᠭᠤᠴᠠᠯᠭ᠎ᠠ ᠪᠠᠨ ᠪᠠᠭᠳ᠋ᠠᠭᠠᠵᠤ᠂ ᠠᠵᠢᠯ ᠶᠢᠡᠨ ᠪᠠᠭᠳ᠋ᠠᠭᠠᠨ᠂ ᠪᠠᠷᠢᠮᠵᠢᠶᠠᠯᠡᠨ ᠬᠠᠷᠭᠤᠭᠤᠯᠵᠤ᠂ ᠰᠡᠷᠡᠮᠵᠢ ᠶᠢᠨ ᠬᠤᠩᠬᠤ ᠶᠢ ᠪᠠᠢ᠌ᠩᠭ᠋ᠤ ᠲᠠᠭᠤᠷᠭᠠᠨ᠂ ᠤᠷᠢᠳ᠋ᠤᠬᠢ ᠰᠤᠷᠭᠠᠮᠵᠢ ᠶᠢ ᠦᠯᠦ ᠮᠠᠷᠳ᠋ᠠᠵᠤ᠂ ᠲᠤᠰᠬᠠᠢ ᠠᠵᠢᠯᠯᠠᠭ᠎ᠠ ᠶᠢᠨ ᠪᠤᠳ᠋ᠠᠳ᠋ᠤ ᠦᠷ᠎ᠠ ᠪᠦᠳ᠋ᠦᠮᠵᠢ ᠶᠢ ᠲᠡᠭᠡᠭ᠍ᠰᠢᠯᠡᠬᠦᠯᠦᠨ᠂ ᠠᠵᠢᠯ ᠤᠨ ᠡᠷᠴᠢᠮ ᠶᠢᠡᠨ ᠴᠢᠨᠠᠭᠰᠢᠳ᠋ᠡ ᠴᠢᠩᠭ᠋ᠠᠷᠠᠭᠤᠯᠵᠤ᠂ ᠠᠵᠢᠯ ᠤᠨ ᠰᠡᠳᠭᠢᠴᠡ ᠪᠠᠨ ᠰᠢᠨᠡᠴᠢᠯᠡᠨ᠂ ᠠᠵᠢᠯᠯᠠᠭᠠᠨ ᠤ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦ᠋ᠷᠦ ᠶᠢᠨ ᠬᠦᠴᠦᠨ᠂ ᠰᠠᠬᠢᠯᠭ᠎ᠠ ᠪᠠᠳ᠋ᠤ ᠶᠢᠨ ᠬᠦᠴᠦᠨ᠂ ᠶᠤᠰᠤ ᠰᠤᠷᠳ᠋ᠠᠬᠤᠨ ᠤ ᠬᠦᠴᠦᠨ᠂ ᠢᠯᠵᠠᠷᠠᠯ ᠢ ᠡᠰᠡᠷᠭᠦᠴᠡᠬᠦ ᠬᠦᠴᠦᠨ ᠶᠢᠡᠨ ᠴᠢᠩᠭ᠋ᠠᠳᠬᠠᠵᠤ᠂ ᠨᠢᠭᠡᠳ᠋ᠦᠯᠳ᠋ᠠᠢ ᠲᠦ᠋ᠯᠦᠪᠵᠢᠭᠦᠯᠦᠨ ᠵᠤᠬᠢᠴᠠᠭᠤᠯᠬᠤ ᠪᠠᠨ ᠴᠢᠩᠭ᠋ᠠᠳᠬᠠᠨ᠂ ᠦᠷ᠎ᠠ ᠪᠦᠳ᠋ᠦᠮᠵᠢ ᠶᠢ ᠦᠭᠡᠷᠡᠴᠢᠯᠡᠬᠦ ᠶᠢ ᠠᠬᠢᠭᠤᠯᠵᠤ᠂ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠦᠮᠵᠢ ᠪᠤᠳ᠋ᠠᠳ᠋ᠠᠢ ᠪᠠᠢ᠌ᠬᠤ ᠡᠰᠡᠬᠦ᠂ ᠺᠠᠳ᠋ᠷ ᠤᠨ ᠤᠶᠤᠨ ᠰᠠᠨᠠᠭᠠᠨ ᠤ ᠪᠠᠢ᠌ᠳ᠋ᠠᠯ ᠰᠠᠢ᠌ᠨ ᠪᠠᠢ᠌ᠬᠤ ᠡᠰᠡᠬᠦ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠭᠢᠯᠭᠡ ᠦᠨᠳ᠋ᠦᠷ ᠪᠠᠢ᠌ᠬᠤ ᠡᠰᠡᠬᠦ᠂ ᠨᠠᠮ ᠢ ᠬᠠᠮᠢᠶᠠᠷᠴᠦ ᠨᠠᠮ ᠢ ᠵᠠᠰᠠᠬᠤ ᠴᠢᠩᠭ᠎ᠠ ᠪᠠᠢ᠌ᠬᠤ ᠡᠰᠡᠬᠦ ᠪᠠᠷ ᠠᠵᠢᠯ ᠢ ᠦᠨᠡᠯᠡᠬᠦ ᠪᠠᠷᠢᠮᠵᠢᠶ᠎ᠠ ᠪᠤᠯᠭᠠᠵᠤ᠂ ᠦᠨᠡᠨ ᠬᠦ 《ᠦᠭᠡᠷᠡᠴᠢᠯᠡᠬᠦ᠂ ᠪᠠᠢ᠌ᠭᠤᠯᠬᠤ᠂ ᠵᠠᠰᠠᠬᠤ》 ᠪᠤᠳ᠋ᠠᠳ᠋ᠤ ᠦᠷ᠎ᠠ ᠪᠦᠳ᠋ᠦᠮᠵᠢ ᠪᠠᠷ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃


ᠬᠤᠷᠠᠯ ᠲᠡᠭᠡᠷ᠎ᠠ᠂ ᠼᠦ᠋ᠢ ᠯᠸᠢ ᠯᠸᠢ 《ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠨ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢᠨ ᠬᠡᠷᠡᠭ᠍ᠵᠢᠭᠦᠯᠬᠦ ᠲᠦ᠋ᠰᠦᠯ》 ᠳᠤ ᠲᠠᠢ᠌ᠯᠤᠮᠵᠢ ᠬᠢᠵᠦ᠂ ᠵᠠᠩ ᠶᠦ᠋ᠩ ᠴᠢᠶᠠᠩ ᠬᠤᠰᠢᠭᠤᠨ ᠤ ᠨᠠᠮ ᠤᠨ ᠬᠤᠷᠢᠶᠠᠨ ᠤ ᠱᠦ᠋ᠵᠢ ᠱᠤᠤ ᠶᠠᠨ ᠵᠢᠶᠦ᠋ᠨ ᠤ ᠪᠦᠬᠦ ᠬᠤᠰᠢᠭᠤᠨ ᠤ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠭᠦᠭᠡᠨ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢᠨ ᠲᠠᠢ᠌ᠴᠢᠯᠠᠯᠳ᠋ᠠ ᠪᠠᠢ᠌ᠷᠢᠯᠠᠭᠤᠯᠤᠯᠳ᠋ᠠ ᠶᠢᠨ ᠬᠤᠷᠠᠯ ᠲᠡᠭᠡᠷᠡᠬᠢ ᠶᠠᠷᠢᠶ᠎ᠠ ᠶᠢ ᠤᠯᠠᠮᠵᠢᠯᠡᠨ ᠰᠤᠷᠤᠯᠴᠠᠭᠰᠠᠨ ᠪᠦᠭᠡᠳ ᠰᠠᠬᠢᠯᠭ᠎ᠠ ᠪᠠᠳ᠋ᠤ ᠬᠠᠦᠯᠢ ᠴᠠᠭᠠᠵᠠ ᠶᠢ ᠵᠦ᠋ᠷᠢᠴᠡᠭ᠍ᠰᠡᠨ ᠨᠡᠢ᠌ᠳ᠋ᠡᠯᠢᠭ᠌ ᠵᠢᠱᠢᠶ᠎ᠠ ᠶᠢ ᠵᠠᠷᠯᠠᠨ ᠵᠠᠳ᠋ᠠᠯᠪᠠ᠃ (ᠯᠸᠢ ᠫᠠᠩ)