ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠲᠡᠦᠬᠡ ᠶᠢᠨ ᠲᠤᠤᠷ ᠰᠦ᠋ᠯᠵᠢᠶᠡᠨ ᠤ ᠬᠢᠴᠢᠶᠡᠯᠯᠡᠭᠡ ᠶᠢᠨ ᠲᠠᠪᠤᠳ᠋ᠤᠭᠠᠷ ᠲᠠᠢ᠌ᠯᠤᠮᠵᠢ ᠶᠢ ᠦᠵᠡᠪᠡ


        
           9 ᠰᠠᠷ᠎ᠠ ᠶᠢᠨ 17 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠬᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠲᠡᠦᠬᠡ ᠶᠢᠨ ᠲᠤᠰᠬᠠᠢ ᠰᠡᠳ᠋ᠦᠪᠳ᠋ᠦ ᠬᠢᠴᠢᠶᠡᠯᠯᠡᠭᠡ ᠶᠢᠨ ᠲᠠᠪᠤᠳ᠋ᠤᠭᠠᠷ ᠲᠠᠢ᠌ᠯᠤᠮᠵᠢ 《ᠶᠠᠨ ᠠᠨ ᠤ ᠰᠤᠷᠳ᠋ᠠᠯ ᠴᠡᠭ᠍ᠴᠡᠯᠡᠯᠳ᠋ᠡ ᠪᠠ ᠨᠠᠮ ᠤᠨ ᠪᠦᠯᠬᠦᠮᠳ᠋ᠡᠯ ᠨᠢᠭᠡᠳ᠋ᠦᠯ》 ᠭᠡᠬᠦ ᠲᠤᠤᠷ ᠰᠦ᠋ᠯᠵᠢᠶᠡᠨ ᠤ ᠬᠢᠴᠢᠶᠡᠯᠯᠡᠭᠡ ᠶᠢ ᠲᠦ᠋ᠪᠯᠡᠷᠡᠨ ᠰᠤᠷᠤᠯᠴᠠᠪᠠ᠃ 

       


       

      ᠲᠤᠰ ᠲᠠᠢ᠌ᠯᠤᠮᠵᠢ ᠶᠠᠨ ᠠᠨ ᠤ ᠰᠤᠷᠳ᠋ᠠᠯ ᠴᠡᠭ᠍ᠴᠡᠯᠡᠯᠳ᠋ᠡ ᠶᠢᠨ ᠲᠡᠦᠬᠡᠨ ᠠᠬᠤᠢ ᠪᠠᠢ᠌ᠳ᠋ᠠᠯ᠂ ᠦᠨᠳ᠋ᠦᠰᠦᠨ ᠶᠠᠪᠤᠴᠠ ᠪᠠ ᠠᠯᠤᠰ ᠬᠡᠳ᠋ᠦ ᠶᠢᠨ ᠨᠦ᠋ᠯᠦᠭᠡ ᠵᠡᠷᠭᠡ ᠭᠤᠷᠪᠠᠨ ᠲᠠᠯ᠎ᠠ ᠡᠴᠡ ᠲᠡᠦᠬᠡ ᠶᠢ ᠡᠷᠭᠢᠴᠡᠭᠦᠯᠪᠡ᠃ 

       
           ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠪᠠᠷ ᠲᠠᠮᠵᠢᠨ᠂ ᠨᠠᠮ ᠤᠨ ᠲᠡᠦᠬᠡ ᠶᠢᠨ ᠡᠬᠢ ᠠᠳ᠋ᠠᠭ ᠢ ᠤᠯᠠᠮ ᠨᠢᠭᠡ ᠠᠯᠬᠤᠮ ᠲᠤᠳ᠋ᠤᠷᠬᠠᠢ ᠪᠤᠯᠭᠠᠨ᠂ ᠨᠠᠮ ᠤᠨ ᠵᠠᠭᠤᠨ ᠵᠢᠯ ᠤᠨ ᠲᠡᠦᠬᠡ ᠶᠢᠨ ᠲᠤᠬᠠᠢ ᠨᠡᠩ ᠭᠦᠨᠵᠡᠭᠡᠢ ᠲᠠᠨᠢᠯᠳ᠋ᠠ ᠲᠡᠶ ᠪᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠶᠢᠡᠷ ᠠᠵᠠ ᠲᠤᠬᠢᠶᠠᠯ ᠪᠤᠯᠭᠠᠨ᠂ ᠬᠤᠪᠢᠰᠬᠠᠯ ᠤᠨ ᠲᠤᠷᠠᠳᠬᠠᠯ ᠢ ᠰᠡᠷᠡᠭᠡᠵᠦ᠂ ᠬᠦᠰᠡᠯᠡᠩ ᠢᠳ᠋ᠡᠭᠡᠯ ᠪᠢᠰᠢᠷᠡᠯ ᠶᠢᠡᠨ ᠪᠠᠳ᠋ᠤᠳᠬᠠᠨ᠂ ᠡᠭᠦᠷᠭᠡ ᠲᠤᠰᠢᠶᠠᠯ ᠶᠢᠡᠨ ᠭᠦᠢᠴᠡᠳᠭᠡᠬᠦ ᠠᠵᠢᠯ ᠤᠨ ᠴᠢᠳ᠋ᠠᠪᠤᠷᠢ ᠪᠤᠯᠤᠨ ᠬᠢᠷᠢ ᠲᠦ᠋ᠪᠰᠢᠨ ᠶᠢᠡᠨ ᠲᠠᠰᠤᠷᠠᠯᠳ᠋ᠠ ᠦᠭᠡᠶ ᠲᠡᠭᠡᠭ᠍ᠰᠢᠯᠡᠭᠦᠯᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠰᠢᠨ᠎ᠠ ᠲᠡᠭ᠍ᠳ᠋ᠡᠷ ᠲᠤ ᠭᠠᠷᠬᠤ ᠶᠢ ᠠᠬᠢᠭᠤᠯᠤᠨ᠎ᠠ ᠭᠡᠵᠦ ᠪᠦᠭᠦᠳ᠋ᠡᠭᠡᠷ ᠶᠢᠡᠨ ᠢᠯᠡᠳᠭᠡᠵᠡᠭᠡᠪᠡ᠃ 

       
            ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠲᠦ᠋ᠩᠯᠢᠶᠤᠤ ᠬᠤᠳ᠋ᠠ ᠶᠢᠨ ᠰᠢᠨ᠎ᠠ ᠬᠡᠯᠪᠡᠷᠢ ᠶᠢᠨ ᠲᠢᠳ᠋ᠢᠮᠯᠢᠭ᠌ ᠸᠢᠷᠦ᠋ᠰ ᠡᠴᠡ ᠬᠠᠯᠳ᠋ᠠᠪᠤᠷᠢᠯᠠᠭᠰᠠᠨ ᠦᠷᠪᠢᠰᠦᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠵᠢᠯᠤᠭᠤᠳᠬᠤ ᠭᠠᠵᠠᠷ ᠤᠨ《ᠨᠢ᠋ᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠡᠳ᠋ᠦᠷ ᠤᠨ ᠠᠮᠠᠷᠠᠯᠳ᠋ᠠ ᠶᠢᠨ ᠬᠤᠭᠤᠴᠠᠭᠠᠨ ᠤ ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠬᠦ ᠲᠤᠬᠠᠢ ᠮᠡᠳ᠋ᠡᠭ᠍ᠳ᠋ᠡᠯ》ᠪᠤᠯᠤᠨ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ《2021 ᠤᠨ ᠤ ᠨᠢ᠋ᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠡᠳ᠋ᠦᠷ ᠤᠨ ᠬᠤᠭᠤᠴᠠᠭᠠᠨ ᠳᠤ ᠰᠠᠬᠢᠯᠭ᠎ᠠ ᠪᠠᠳ᠋ᠤ ᠵᠢ ᠤᠯᠠᠮ ᠨᠢᠭᠡ ᠠᠯᠬᠤᠮ ᠴᠢᠩᠳ᠋ᠠᠯᠡᠵᠦ ᠰᠤᠷᠳ᠋ᠠᠯ ᠤᠨ ᠪᠠᠢ᠌ᠭᠤᠯᠤᠯᠳ᠋ᠠ ᠶᠢ ᠴᠢᠩᠭ᠋ᠠᠳᠬᠠᠬᠤ ᠲᠤᠬᠠᠢ ᠮᠡᠳ᠋ᠡᠭ᠍ᠳ᠋ᠡᠯ》  ᠊ᠢ ᠤᠯᠠᠮᠵᠢᠯᠠᠭᠰᠠᠨ ᠪᠦᠭᠡᠳ ᠨᠢ᠋ᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠡᠳ᠋ᠦᠷ ᠤᠨ ᠬᠤᠭᠤᠴᠠᠭᠠᠨ ᠳᠤ ᠰᠠᠬᠢᠯᠭ᠎ᠠ ᠪᠠᠳ᠋ᠤ ᠶᠢ ᠤᠯᠠᠮ ᠨᠢᠭᠡ ᠠᠯᠬᠤᠮ ᠴᠢᠩᠳ᠋ᠠᠯᠡᠵᠦ᠂ ᠰᠤᠷᠳ᠋ᠠᠯ ᠤᠨ ᠪᠠᠢ᠌ᠭᠤᠯᠤᠯᠳ᠋ᠠ ᠵᠢᠴᠢ ᠵᠢᠵᠢᠭᠦᠷ ᠤᠨ ᠬᠠᠮᠢᠶᠠᠷᠤᠯᠳ᠋ᠠ ᠶᠢ ᠴᠢᠩᠭ᠋ᠠᠳᠬᠠᠬᠤ ᠵᠡᠷᠭᠡ ᠠᠵᠢᠯ ᠳᠤ ᠪᠤᠳ᠋ᠠᠳ᠋ᠠᠢ ᠲᠤᠬᠢᠷᠠᠭᠤᠯᠤᠯᠳ᠋ᠠ ᠪᠠᠢ᠌ᠷᠢᠯᠠᠭᠤᠯᠤᠯᠳ᠋ᠠ ᠬᠢᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳ᠋ᠦᠪᠳ᠋ᠦ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠯᠦ᠋ᠪᠸᠢ ᠵᠡᠭᠡᠯᠢ ᠭᠤᠳ᠋ᠤᠮᠵᠢ ᠶᠢᠨ ᠰᠢᠩ ᠬᠤᠸᠠ ᠨᠡᠢ᠌ᠭᠡᠮ ᠲᠤᠭᠤᠷᠢᠭ ᠲᠤ ᠭᠦᠨᠵᠡᠭᠡᠢ᠌ᠷᠡᠨ ᠬᠠᠮᠳ᠋ᠤᠪᠠᠷ ᠰᠠᠭᠤᠵᠤ ᠬᠠᠮᠳ᠋ᠤᠪᠠᠷ ᠪᠠᠢ᠌ᠭᠤᠯᠬᠤ ᠠᠵᠢᠯᠯᠠᠭ᠎ᠠ ᠦᠷᠨᠢᠭᠦᠯᠪᠡ