ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠯᠠᠪᠳ᠋ᠠᠭᠤᠨ ᠪᠠᠳ᠋ᠤᠳ᠋ᠠᠢ ᠠᠬᠢᠭᠤᠯᠵᠤ ᠪᠠᠢ᠌ᠨ᠎ᠠ
ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠡᠬᠢᠯᠡᠭ᠍ᠰᠡᠨ ᠡᠴᠡ ᠨᠠᠭᠠᠰᠢ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠭᠤᠴᠠᠭ᠎ᠠ ᠰᠤᠯᠢᠬᠤ ᠰᠤᠩᠭ᠋ᠤᠭᠤᠯᠢ ᠶᠢ ᠡᠨᠡ ᠵᠢᠯ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠭᠤᠤᠯᠳ᠋ᠠᠯᠭ᠎ᠠ ᠪᠤᠯᠭᠠᠵᠤ᠂ ᠯᠠᠪᠳ᠋ᠠᠭᠤᠨ ᠪᠠᠳ᠋ᠤᠳ᠋ᠠᠢ ᠲᠦ᠋ᠯᠦᠪᠵᠢᠭᠦᠯᠦᠨ ᠪᠠᠢ᠌ᠷᠢᠯᠠᠭᠤᠯᠤᠨ᠂ ᠠᠵᠢᠯ ᠤᠨ ᠰᠠᠨᠠᠭᠠᠴᠢᠯᠠᠭᠠᠳ᠋ᠤ ᠴᠢᠨᠠᠷ ᠪᠠ ᠤᠷᠢᠳᠴᠢᠯᠡᠨ ᠮᠡᠳ᠋ᠡᠬᠦ ᠴᠢᠨᠠᠷ ᠢ ᠴᠢᠩᠭ᠋ᠠᠳᠬᠠᠵᠤ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠡᠮᠬᠢ ᠴᠡᠭ᠍ᠴᠡ ᠲᠡᠶ᠂ ᠬᠠᠦᠯᠢ ᠶᠤᠰᠤᠭᠠᠷ ᠲᠠᠰ ᠲᠠᠷᠠᠭᠠᠯᠠᠯ ᠲᠡᠶ ᠦᠷᠨᠢᠭᠦᠯᠬᠦ ᠶᠢ ᠪᠠᠳ᠋ᠤᠯᠠᠪᠠ᠃
ᠵᠤᠬᠢᠶᠠᠨ ᠪᠠᠢ᠌ᠭᠤᠯᠤᠯᠳ᠋ᠠ ᠶᠢᠨ ᠤᠳ᠋ᠤᠷᠢᠳ᠋ᠤᠯᠭ᠎ᠠ ᠪᠠᠨ ᠴᠢᠩᠭ᠋ᠠᠳᠬᠠᠨ᠂ ᠠᠵᠢᠯ ᠤᠨ ᠬᠠᠷᠢᠭᠤᠴᠠᠯᠭ᠎ᠠ ᠶᠢ ᠪᠤᠳ᠋ᠠᠳ᠋ᠠᠢ᠌ᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠌ ᠢ ᠲᠤᠳ᠋ᠤᠷᠬᠠᠢ᠌ᠯᠠᠨ᠂ ᠠᠵᠢᠯ ᠶᠢᠡᠨ ᠨᠠᠷᠢᠨ ᠨᠢᠭᠳ᠋ᠠ ᠪᠠᠢ᠌ᠷᠢᠯᠠᠭᠤᠯᠵᠤ᠂ ᠭᠤᠤᠯ ᠬᠦᠴᠦᠨ ᠢ ᠪᠤᠯᠪᠠᠰᠤᠷᠠᠭᠤᠯᠤᠨ ᠰᠤᠩᠭ᠋ᠤᠵᠤ᠂ ᠲᠤᠬᠠᠢ᠌ᠯᠠᠭᠰᠠᠨ ᠠᠵᠢᠯ ᠤᠨ ᠬᠢᠷᠢ ᠬᠡᠮᠵᠢᠶ᠎ᠠ ᠪᠠᠨ ᠲᠡᠭᠡᠭ᠍ᠰᠢᠯᠡᠭᠦᠯᠦᠨ᠂ ᠦᠷᠭᠡᠨ ᠶᠢᠡᠷ ᠤᠬᠠᠭᠤᠯᠤᠨ ᠲᠠᠢ᠌ᠴᠢᠯᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ ᠰᠤᠩᠭ᠋ᠤᠭᠤᠯᠢ ᠶᠢᠨ ᠠᠷᠠᠳ ᠤᠨ ᠤᠷᠤᠯᠴᠠᠬᠤ ᠨᠤᠷᠮ᠎ᠠ ᠶᠢ ᠪᠠᠳ᠋ᠤᠯᠠᠬᠤ ᠳᠤ ᠰᠠᠭᠤᠷᠢ ᠲᠠᠯᠪᠢᠨ ᠦᠭ᠍ᠴᠦ ᠪᠠᠢ᠌ᠨ᠎ᠠ᠃ (ᠯᠸᠢ ᠫᠠᠩ)