ᠯᠦ᠋ᠪᠸᠢ ᠪᠠᠯᠭᠠᠰᠤᠨ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢ ᠶᠢᠨ ᠪᠦᠯᠬᠦᠮ ᠶᠡᠷᠦᠩᠬᠡᠢ ᠱᠦ᠋ᠵᠢ ᠰᠢ ᠵᠢᠨ ᠫᠢᠩ ᠤᠨ 《7·1》 ᠶᠠᠷᠢᠶᠠᠨ ᠤ ᠵᠤᠷᠢᠭ ᠰᠠᠨᠠᠭ᠎ᠠ ᠪᠠ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠠᠩᠭᠢ ᠡᠷᠬᠢᠯᠡᠪᠡ


ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢ ᠶᠢᠨ ᠪᠦᠯᠬᠦᠮ ᠠᠷᠠᠳ ᠤᠨ ᠲᠦ᠋ᠯᠦᠭᠡᠯᠡᠭ᠍ᠴᠢᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠲᠠᠰᠤᠷᠠᠯᠳ᠋ᠠ ᠦᠭᠡᠶ ᠭᠦᠨᠵᠡᠭᠡᠢ᠌ᠷᠡᠭᠦᠯᠬᠦ ᠶᠢᠨ ᠲᠦ᠋ᠯᠦᠭᠡ᠂ 9 ᠰᠠᠷ᠎ᠠ ᠶᠢᠨ 3 ᠤ ᠡᠳ᠋ᠦᠷ᠂ ᠠᠷᠠᠳ ᠤᠨ ᠲᠦ᠋ᠯᠦᠭᠡᠯᠡᠭ᠍ᠴᠢᠳ ᠤᠨ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠠᠩᠭᠢ ᠡᠷᠬᠢᠯᠡᠨ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ ᠭᠦᠸᠸ ᠰᠢᠶᠤᠤ ᠴᠢᠶᠠᠨ ᠢ ᠤᠷᠢᠵᠤ᠂ ᠶᠡᠷᠦᠩᠬᠡᠢ ᠱᠦ᠋ᠵᠢ ᠰᠢ ᠵᠢᠨ ᠫᠢᠩ ᠤᠨ ᠪᠦᠭᠦᠳ᠋ᠠ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠪᠠ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪ ᠤᠨ ᠲᠤᠬᠠᠢ ᠲᠠᠢ᠌ᠯᠤᠮᠵᠢ ᠬᠢᠵᠦ᠂ ᠯᠦ᠋ᠪᠸᠢ ᠪᠠᠯᠭᠠᠰᠤᠨ ᠤ 70 ᠢᠯᠡᠬᠦᠦ ᠨᠡᠷᠡᠰ ᠠᠷᠠᠳ ᠤᠨ ᠲᠦ᠋ᠯᠦᠭᠡᠯᠡᠭ᠍ᠴᠢ ᠲᠤᠰᠬᠠᠢ ᠰᠡᠳ᠋ᠦᠪᠳ᠋ᠦ ᠪᠤᠯᠪᠠᠰᠤᠷᠠᠯ ᠤᠨ ᠠᠩᠭᠢ ᠳᠤ ᠤᠷᠤᠯᠴᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢ ᠪᠦᠷᠢ ᠳᠤ 《ᠶᠡᠷᠦᠩᠬᠡᠢ ᠱᠦ᠋ᠵᠢ ᠰᠢ ᠵᠢᠨ ᠫᠢᠩ ᠤᠨ ᠪᠦᠭᠦᠳ᠋ᠠ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠪᠠᠢ᠌ᠭᠤᠯᠤᠭᠳ᠋ᠠᠭᠰᠠᠨ 100 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ》 ᠶᠢᠨ ᠰᠤᠷᠤᠯᠴᠠᠯᠭ᠎ᠠ ᠶᠢᠨ ᠲᠡᠪᠳ᠋ᠡᠷ ᠢ ᠵᠠᠬᠢᠶᠠᠯᠠᠵᠤ ᠦᠭᠬᠦᠪᠡ᠃ (ᠯᠸᠢ ᠫᠠᠩ)