ᠯᠦ᠋ᠪᠸᠢ ᠪᠠᠯᠭᠠᠰᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠢᠷᠭᠤᠳ᠋ᠤᠭᠠᠷ ᠤᠳ᠋ᠠᠭᠠᠨ ᠤ ᠬᠤᠷᠠᠯ ᠠᠮᠵᠢᠯᠳ᠋ᠡ ᠲᠡᠶ ᠬᠤᠷᠠᠯᠳ᠋ᠤᠪᠠ
9 ᠰᠠᠷ᠎ᠠ ᠶᠢᠨ 3 ᠤ ᠡᠳ᠋ᠦᠷ ᠡᠴᠡ 4 ᠤ ᠡᠳ᠋ᠦᠷ ᠪᠤᠯᠳ᠋ᠠᠯ᠎ᠠ᠂ ᠯᠦ᠋ᠪᠸᠢ ᠪᠠᠯᠭᠠᠰᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠢᠷᠭᠤᠳ᠋ᠤᠭᠠᠷ ᠤᠳ᠋ᠠᠭᠠᠨ ᠤ ᠬᠤᠷᠠᠯ ᠠᠮᠵᠢᠯᠳ᠋ᠡ ᠲᠡᠶ ᠬᠤᠷᠠᠯᠳ᠋ᠤᠨ᠂ 68 ᠨᠡᠷᠡᠰ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠤᠷᠤᠯᠴᠠᠪᠠ᠃

ᠬᠤᠷᠠᠯ ᠡᠴᠡ ᠪᠠᠯᠭᠠᠰᠤᠨ ᠤ ᠵᠠᠰᠠᠭ ᠤᠨ ᠤᠷᠳ᠋ᠤᠨ ᠤ ᠤᠷᠤᠯᠠᠭᠴᠢ ᠪᠠᠯᠭᠠᠰᠤᠨ ᠲᠠᠷᠤᠭ᠎ᠠ ᠵᠤ ᠹᠸᠩ ᠰᠸᠨ ᠤ《ᠵᠠᠰᠠᠭ ᠤᠨ ᠤᠷᠳ᠋ᠤᠨ ᠤ ᠠᠵᠢᠯ ᠤᠨ ᠢᠯᠡᠳᠭᠡᠯ》᠂ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢ ᠶᠢᠨ ᠪᠦᠯᠬᠦᠮ ᠤᠨ ᠲᠡᠷᠢᠭᠦᠯᠡᠭ᠍ᠴᠢ ᠠᠨ ᠪᠠᠭᠠᠳ᠋ᠤᠷ ᠤᠨ《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠮᠡᠳ᠋ᠡᠭᠦᠯᠦᠯᠳ᠋ᠡ》ᠵᠢ ᠬᠢᠨᠡᠨ ᠵᠦ᠋ᠪᠯᠡᠵᠦ᠂ ᠬᠤᠶᠠᠷ ᠮᠡᠳ᠋ᠡᠭᠦᠯᠦᠯᠳ᠋ᠡ ᠨᠢ ᠯᠦ᠋ᠪᠸᠢ ᠪᠠᠯᠭᠠᠰᠤᠨ ᠤ 2021 ᠤᠨ ᠤ ᠡᠮᠦᠨᠡᠬᠢ ᠨᠢ᠋ᠮᠠᠨ ᠰᠠᠷ᠎ᠠ ᠶᠢᠨ ᠠᠵᠢᠯ ᠢ ᠡᠷᠭᠢᠴᠡᠭᠦᠯᠦᠨ ᠳ᠋ᠦ᠋ᠩᠨᠡᠬᠦ ᠶᠢᠨ ᠬᠠᠮᠳ᠋ᠤ ᠲᠠᠷᠠᠭᠠᠴᠢ ᠶᠢᠨ ᠲᠦ᠋ᠷᠪᠡᠨ ᠰᠠᠷ᠎ᠠ ᠶᠢᠨ ᠠᠵᠢᠯ ᠳᠤ ᠲᠤᠬᠢᠷᠠᠭᠤᠯᠤᠨ ᠪᠠᠢ᠌ᠷᠢᠯᠠᠭᠤᠯᠤᠯᠳ᠋ᠠ ᠬᠢᠭ᠍ᠰᠡᠨ ᠪᠦᠭᠡᠳ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢᠳ ᠤᠨ ᠵᠦ᠋ᠪᠰᠢᠶᠡᠷᠡᠯ ᠢ ᠤᠯᠪᠠ᠃
《ᠰᠤᠩᠭ᠋ᠤᠭᠤᠯᠢ ᠶᠢᠨ ᠬᠠᠦᠯᠢ》 ᠵᠢᠨ ᠬᠠᠮᠢᠶ᠎ᠠ ᠪᠦᠬᠦᠢ ᠲᠤᠭᠳ᠋ᠠᠭᠠᠯ ᠶᠤᠰᠤᠭᠠᠷ᠂ ᠯᠦ᠋ᠪᠸᠢ ᠪᠠᠯᠭᠠᠰᠤᠨ ᠤ ᠠᠷᠠᠳ ᠤᠨ ᠵᠠᠰᠠᠭ ᠤᠨ ᠤᠷᠳ᠋ᠤᠨ ᠤ ᠪᠠᠯᠭᠠᠰᠤᠨ ᠲᠠᠷᠤᠭ᠎ᠠ 1 ᠨᠡᠷᠡᠰ᠂ ᠲᠡᠳ᠋ ᠪᠠᠯᠭᠠᠰᠤᠨ ᠲᠠᠷᠤᠭ᠎ᠠ 2 ᠨᠡᠷᠡᠰ ᠢ ᠬᠠᠦᠯᠢ ᠶᠤᠰᠤᠭᠠᠷ ᠰᠤᠩᠭ᠋ᠤᠨ ᠭᠠᠷᠭᠠᠵᠤ᠂ ᠰᠢᠨ᠎ᠠ ᠪᠠᠷ ᠰᠤᠩᠭ᠋ᠤᠭᠳ᠋ᠠᠭᠰᠠᠨ ᠪᠠᠯᠭᠠᠰᠤᠨ ᠲᠠᠷᠤᠭ᠎ᠠ ᠪᠠ ᠲᠠᠳ᠋ ᠪᠠᠯᠭᠠᠰᠤᠨ ᠲᠠᠷᠤᠭ᠎ᠠ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃ (ᠯᠸᠢ ᠫᠠᠩ)