ᠵᠠᠷᠤᠳ ᠬᠤᠰᠢᠭᠤᠨ ᠤ ᠰᠤᠩᠭ᠋ᠤᠭᠤᠯᠢ ᠶᠢᠨ ᠵᠦ᠋ᠪᠯᠡᠯ ᠡᠴᠡ ᠪᠦᠬᠦ ᠬᠤᠰᠢᠭᠤᠨ ᠤ ᠰᠤᠩᠭ᠋ᠤᠭᠤᠯᠢ ᠶᠢᠨ ᠠᠷᠠᠳ ᠲᠤ ᠦᠭᠬᠦᠭ᠍ᠰᠡᠨ ᠵᠠᠬᠢᠳ᠋ᠠᠯ
ᠦᠷᠭᠡᠨ ᠤᠯᠠᠨ ᠰᠤᠩᠭ᠋ᠤᠭᠤᠯᠢ ᠶᠢᠨ ᠠᠷᠠᠳ ᠡ᠄
ᠵᠠᠷᠤᠳ ᠬᠤᠰᠢᠭᠤᠨ ᠤ ᠬᠤᠰᠢᠭᠤ ᠪᠠ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ 2021 ᠤᠨ ᠤ 9 ᠰᠠᠷ᠎ᠠ ᠡᠴᠡ 2022 ᠤᠨ ᠤ 1 ᠰᠠᠷ᠎ᠠ ᠶᠢᠨ 10 ᠤ ᠡᠳ᠋ᠦᠷ ᠪᠤᠯᠳ᠋ᠠᠯ᠎ᠠ ᠬᠤᠭᠤᠴᠠᠭ᠎ᠠ ᠰᠤᠯᠢᠬᠤ ᠰᠤᠩᠭ᠋ᠤᠭᠤᠯᠢ ᠬᠢᠨ᠎ᠠ᠃ ᠡᠨᠡ ᠪᠤᠯ ᠪᠦᠬᠦ ᠬᠤᠰᠢᠭᠤᠨ ᠤ ᠡᠯ᠎ᠠ ᠦᠨᠳ᠋ᠦᠰᠦᠳ᠋ᠡᠨ ᠤ ᠠᠷᠠᠳ ᠲᠦ᠋ᠮᠡᠨ ᠤ ᠤᠯᠤᠰ ᠲᠦ᠋ᠷᠦ ᠶᠢᠨ ᠠᠮᠢᠳ᠋ᠤᠷᠠᠯ ᠲᠤᠮᠳ᠋ᠠᠬᠢ ᠨᠢᠭᠡᠨ ᠲᠤᠮᠤ ᠶᠠᠪᠤᠳ᠋ᠠᠯ ᠮᠦ᠋ᠨ᠃ ᠲᠤᠰ ᠤᠳ᠋ᠠᠭᠠᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠰᠠᠢ᠌ᠳ᠋ᠤᠷ ᠬᠢᠬᠦ ᠨᠢ ᠨᠠᠮ ᠤᠨ ᠲᠦ᠋ᠷᠦ ᠪᠠᠷᠢᠬᠤ ᠰᠠᠭᠤᠷᠢ ᠶᠢ ᠪᠡᠬᠢᠵᠢᠭᠦᠯᠬᠦ᠂ ᠠᠷᠠᠳ ᠲᠦ᠋ᠮᠡᠨ ᠤ ᠡᠷᠬᠡ ᠮᠡᠳ᠋ᠡᠵᠦ ᠡᠵᠡᠨ ᠰᠠᠭᠤᠬᠤ ᠶᠢ ᠪᠠᠳ᠋ᠤᠯᠠᠬᠤ᠂ ᠦᠨᠳ᠋ᠦᠰᠦᠨ ᠱᠠᠳ᠋ᠤᠨ ᠤ ᠲᠦ᠋ᠷᠦ ᠶᠢᠨ ᠵᠠᠰᠠᠭ ᠤᠨ ᠡᠷᠬᠡ ᠶᠢᠨ ᠪᠠᠢ᠌ᠭᠤᠯᠤᠯᠳ᠋ᠠ ᠶᠢ ᠴᠢᠩᠭ᠋ᠠᠳᠬᠠᠬᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠷᠢᠮ ᠢ ᠪᠠᠷᠢᠮᠳ᠋ᠠᠯᠡᠨ ᠲᠡᠭᠦᠯᠳ᠋ᠡᠷᠵᠢᠭᠦᠯᠬᠦ᠂《ᠠᠷᠪᠠᠨ ᠲᠦ᠋ᠷᠪᠡᠳ᠋ᠦᠭᠡᠷ ᠲᠠᠪᠤᠨ ᠵᠢᠯ》 ᠤᠨ ᠲᠦ᠋ᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠲᠦ᠋ᠯᠬᠢᠨ ᠠᠬᠢᠭᠤᠯᠬᠤ᠂ ᠪᠦᠬᠦ ᠬᠤᠰᠢᠭᠤᠨ ᠤ ᠡᠯ᠎ᠠ ᠦᠨᠳ᠋ᠦᠰᠦᠳ᠋ᠡᠨ ᠤ ᠠᠷᠠᠳ ᠲᠦ᠋ᠮᠡᠨ ᠢ ᠵᠤᠬᠢᠶᠠᠨ ᠪᠠᠢ᠌ᠭᠤᠯᠵᠤ ᠲᠠᠢ᠌ᠴᠢᠯᠡᠨ᠂ ᠰᠢᠨ᠎ᠠ ᠴᠠᠭ ᠦᠶ᠎ᠠ ᠶᠢᠨ ᠰᠢᠨ᠎ᠠ ᠠᠶᠠᠨ ᠰᠢᠨ᠎ᠠ ᠱᠠᠳ᠋ᠤᠨ ᠳᠤ ᠵᠠᠷᠤᠳ ᠬᠤᠰᠢᠭᠤᠨ ᠤ ᠬᠦᠭ᠍ᠵᠢᠯᠳ᠋ᠡ ᠶᠢᠨ ᠰᠢᠨ᠎ᠠ ᠬᠠᠭᠤᠳ᠋ᠠᠰᠤ ᠶᠢ ᠴᠢᠷᠮᠠᠢ᠌ᠨ ᠪᠢᠴᠢᠭᠯᠡᠬᠦ ᠳᠤ ᠲᠤᠩ ᠴᠢᠬᠤᠯᠠ ᠠᠴᠢ ᠬᠤᠯᠪᠤᠭᠳ᠋ᠠᠯ ᠲᠡᠶ ᠶᠤᠮ᠃
ᠦᠨᠳ᠋ᠦᠰᠦᠨ ᠬᠠᠦᠯᠢ ᠳᠤ ᠲᠤᠭᠳ᠋ᠠᠭᠠᠭᠰᠠᠨ ᠨᠢ᠂ ᠪᠦᠬᠦᠯᠢ 18 ᠨᠠᠰᠤᠨ ᠳᠤ ᠬᠦᠷᠦᠭ᠍ᠰᠡᠨ ᠡᠷᠬᠡᠳ᠋ᠦ ᠠᠷᠠᠳ ᠪᠦᠬᠦᠨ ᠦᠨᠳ᠋ᠦᠰᠦᠳ᠋ᠡᠨ᠂ ᠠᠷᠠᠰᠤᠳ᠋ᠠᠨ᠂ ᠴᠢᠨᠠᠷ ᠤᠨ ᠢᠯᠭᠠᠯ᠂ ᠡᠷᠬᠢᠯᠡᠭ᠍ᠰᠡᠨ ᠠᠵᠢᠯ᠂ ᠭᠡᠷ ᠤᠨ ᠭᠠᠷᠤᠯ᠂ ᠱᠠᠳ᠋ᠤᠨ ᠰᠢᠳ᠋ᠦᠯᠭᠡ᠂ ᠰᠤᠷᠭᠠᠨ ᠬᠦᠮᠦᠵᠢᠯ ᠬᠦᠷᠳ᠋ᠡᠭ᠍ᠰᠡᠨ ᠬᠡᠮᠵᠢᠶ᠎ᠠ᠂ ᠡᠳ᠋ ᠬᠦᠷᠦᠩᠭᠡ ᠶᠢᠨ ᠪᠠᠢ᠌ᠳ᠋ᠠᠯ᠂ ᠤᠷᠤᠰᠢᠨ ᠰᠠᠭᠤᠭᠰᠠᠨ ᠬᠤᠭᠤᠴᠠᠭ᠎ᠠ ᠶᠢᠨ ᠢᠯᠭᠠᠯ ᠦᠭᠡᠶ ᠪᠦᠷ ᠰᠤᠩᠭ᠋ᠤᠬᠤ ᠡᠷᠬᠡ ᠪᠠ ᠰᠤᠩᠭ᠋ᠤᠭᠳ᠋ᠠᠬᠤ ᠡᠷᠬᠡ ᠲᠡᠶ (ᠬᠠᠦᠯᠢ ᠶᠤᠰᠤᠭᠠᠷ ᠤᠯᠤᠰ ᠲᠦ᠋ᠷᠦ ᠶᠢᠨ ᠡᠷᠬᠡ ᠠᠰᠢᠭ ᠶᠢᠡᠨ ᠬᠠᠰᠤᠭᠳ᠋ᠠᠭᠰᠠᠨ ᠬᠦᠮᠦᠨ ᠡᠴᠡ ᠪᠤᠰᠤᠳ)᠃ ᠰᠤᠩᠭ᠋ᠤᠭᠤᠯᠢ ᠶᠢᠨ ᠠᠷᠠᠳ ᠨᠢᠭᠡᠪᠦᠷᠢ ᠦᠨᠳ᠋ᠦᠰᠦᠨ ᠬᠠᠦᠯᠢ ᠡᠴᠡ ᠤᠯᠭᠤᠭᠰᠠᠨ ᠦᠪᠡᠷ ᠶᠢᠡᠨ ᠡᠷᠬᠡ ᠮᠡᠳ᠋ᠡᠵᠦ ᠡᠵᠡᠨ ᠰᠠᠭᠤᠬᠤ ᠠᠷᠠᠳᠴᠢᠯᠡᠯ ᠤᠨ ᠡᠷᠬᠡ ᠠᠰᠢᠭ ᠶᠢᠡᠨ ᠬᠦᠨᠳ᠋ᠦᠳᠭᠡᠨ᠂ ᠤᠯᠤᠰ ᠤᠨ ᠡᠵᠡᠨ ᠬᠦᠮᠦᠨ ᠤ ᠤᠪᠤᠷ ᠪᠠ ᠲᠡᠭᠡᠳ᠋ᠦ ᠬᠡᠮᠵᠢᠶᠡᠨ ᠤ ᠬᠠᠷᠢᠭᠤᠴᠠᠯᠭᠠᠳ᠋ᠤ ᠵᠤᠷᠢᠭ ᠰᠠᠨᠠᠭ᠎ᠠ ᠪᠠᠷ ᠰᠤᠩᠭ᠋ᠤᠭᠤᠯᠢ ᠶᠢᠨ ᠡᠯ᠎ᠠ ᠵᠦ᠋ᠢᠯ ᠤᠨ ᠠᠵᠢᠯᠯᠠᠭ᠎ᠠ ᠳᠤ ᠢᠳ᠋ᠡᠪᠬᠢᠳ᠋ᠠᠢ ᠤᠷᠤᠯᠴᠠᠵᠤ᠂ ᠲᠦ᠋ᠪ ᠴᠢᠩᠭ᠎ᠠ ᠨᠠᠷᠢᠨ ᠬᠢᠨᠠᠮᠠᠭᠠᠢ ᠪᠠᠷ ᠦᠪᠡᠷ ᠤᠨ ᠠᠷᠢᠭᠤᠨ ᠲᠠᠷᠬᠠᠨ ᠨᠢᠭᠡ ᠪᠢᠯᠸᠲ ᠶᠢᠡᠨ ᠦᠭ᠍ᠴᠦ᠂ ᠦᠪᠡᠷ ᠤᠨ ᠰᠡᠳᠭᠢᠯ ᠬᠠᠨᠤᠮᠵᠢᠳ᠋ᠠᠢ ᠪᠦᠭᠡᠳ ᠰᠤᠩᠭ᠋ᠤᠭᠤᠯᠢ ᠶᠢᠨ ᠠᠷᠠᠳ ᠢ ᠲᠦ᠋ᠯᠦᠭᠡᠯᠡᠨ ᠲᠦ᠋ᠷᠦ ᠶᠢᠨ ᠬᠡᠷᠡᠭ᠌ ᠶᠠᠪᠤᠳ᠋ᠠᠯ ᠢ ᠬᠠᠮᠢᠶᠠᠷᠬᠤ ᠳᠤ ᠤᠷᠤᠯᠴᠠᠵᠤ ᠲᠡᠢ᠌ᠯᠬᠦ ᠠᠷᠠᠳ ᠤᠨ ᠲᠦ᠋ᠯᠦᠭᠡᠯᠡᠭ᠍ᠴᠢ ᠶᠢ ᠰᠤᠩᠭ᠋ᠤᠨ ᠭᠠᠷᠭᠠᠬᠤ ᠬᠡᠷᠡᠭ᠍ᠳ᠋ᠠᠢ᠃
ᠮᠠᠨ ᠤ ᠬᠤᠰᠢᠭᠤᠨ ᠤ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠰᠤᠩᠭ᠋ᠤᠭᠤᠯᠢ ᠶᠢᠨ ᠡᠳ᠋ᠦᠷ ᠢ 2021 ᠤᠨ ᠤ 11 ᠰᠠᠷ᠎ᠠ ᠶᠢᠨ 10 ᠤ ᠡᠳ᠋ᠦᠷ ᠶᠢᠡᠷ ᠲᠤᠭᠳ᠋ᠠᠭᠠᠪᠠ᠃ ᠰᠤᠩᠭ᠋ᠤᠭᠤᠯᠢ ᠶᠢᠨ ᠬᠠᠦᠯᠢ ᠶᠢᠨ ᠲᠤᠭᠳ᠋ᠠᠭᠠᠯ ᠶᠤᠰᠤᠭᠠᠷ᠂ ᠰᠤᠩᠭ᠋ᠤᠭᠤᠯᠢ ᠶᠢᠨ ᠵᠦ᠋ᠪᠯᠡᠯ ᠡᠴᠡ ᠰᠤᠩᠭ᠋ᠤᠭᠤᠯᠢ ᠶᠠᠪᠤᠭᠤᠯᠬᠤ ᠡᠳ᠋ᠦᠷ ᠡᠴᠡ ᠡᠮᠦᠨ᠎ᠠ 20 ᠡᠳ᠋ᠦᠷ ᠲᠤ ᠰᠤᠩᠭ᠋ᠤᠭᠤᠯᠢ ᠶᠢᠨ ᠲᠤᠭᠤᠷᠢᠭ ᠬᠤᠪᠢᠶᠠᠨ ᠰᠤᠩᠭ᠋ᠤᠭᠤᠯᠢ ᠶᠢᠨ ᠠᠷᠠᠳ ᠤᠨ ᠨᠡᠷᠡᠰ ᠢ ᠨᠡᠢ᠌ᠳ᠋ᠡᠯᠡᠵᠦ᠂ ᠰᠤᠩᠭ᠋ᠤᠭᠤᠯᠢ ᠶᠢᠨ ᠠᠷᠠᠳ ᠤᠨ ᠦᠨᠡᠮᠯᠡᠯ ᠢ ᠲᠠᠷᠬᠠᠭᠠᠨ᠂ ᠡᠯ᠎ᠠ ᠲᠦ᠋ᠷᠦ ᠶᠢᠨ ᠨᠠᠮ᠂ ᠠᠷᠠᠳ ᠤᠨ ᠨᠡᠢ᠌ᠭᠡᠮᠯᠢᠭ᠌ ᠬᠠᠮᠳ᠋ᠤᠷᠠᠬᠤ ᠪᠤᠶᠦ ᠲᠤᠰᠠᠭᠠᠷ ᠶᠢᠡᠨ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠴᠢ ᠶᠢ ᠲᠠᠨᠢᠯᠴᠠᠭᠤᠯᠵᠤ ᠪᠤᠯᠤᠨ᠎ᠠ᠂ ᠰᠤᠩᠭ᠋ᠤᠭᠤᠯᠢ ᠶᠢᠨ ᠠᠷᠠᠳ 10 ᠬᠦᠮᠦᠨ ᠡᠴᠡ ᠲᠡᠭᠡᠭ᠍ᠰᠢ ᠨᠡᠷ᠎ᠠ ᠬᠤᠯᠪᠤᠭᠠᠯᠠᠨ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠴᠢ ᠶᠢ ᠲᠠᠨᠢᠯᠴᠠᠭᠤᠯᠤᠭᠰᠠᠨ ᠴᠦ ᠪᠤᠯᠤᠨ᠎ᠠ᠂ ᠲᠠᠨᠢᠯᠴᠠᠭᠤᠯᠤᠭᠰᠠᠨ ᠠᠩᠬ᠎ᠠ ᠠᠯᠬᠤᠮ ᠤᠨ ᠲᠦ᠋ᠯᠦᠭᠡᠯᠡᠭ᠍ᠴᠢ ᠪᠠᠷ ᠵᠢᠱᠢᠭ᠍ᠳ᠋ᠡᠭ᠍ᠰᠡᠳ ᠤᠨ ᠨᠡᠷᠡᠰ ᠢ ᠰᠤᠩᠭ᠋ᠤᠭᠤᠯᠢ ᠶᠢᠨ ᠵᠦ᠋ᠪᠯᠡᠯ ᠡᠴᠡ ᠰᠤᠩᠭ᠋ᠤᠭᠤᠯᠢ ᠶᠢᠨ ᠡᠳ᠋ᠦᠷ ᠡᠴᠡ ᠡᠮᠦᠨ᠎ᠠ 15 ᠡᠳ᠋ᠦᠷ ᠲᠤ ᠨᠡᠢ᠌ᠳ᠋ᠡᠯᠡᠨᠠ᠂ ᠰᠤᠩᠭ᠋ᠤᠭᠤᠯᠢ ᠶᠢᠨ ᠠᠷᠠᠳ ᠤᠨ ᠪᠠᠭ᠎ᠠ ᠲᠤᠭᠤᠢ᠌ᠯᠠᠩ ᠡᠴᠡ ᠭᠦᠢᠴᠡᠳ ᠶᠠᠷᠢᠯᠴᠡᠵᠦ ᠵᠦ᠋ᠪᠳ᠋ᠡᠯᠴᠡᠨ᠂ ᠰᠤᠩᠭ᠋ᠤᠭᠤᠯᠢ ᠶᠢᠨ ᠵᠦ᠋ᠪᠯᠡᠯ ᠡᠴᠡ ᠤᠯᠠᠩᠬᠢ ᠲᠤᠭᠠᠨ ᠤ ᠰᠤᠩᠭ᠋ᠤᠭᠤᠯᠢ ᠶᠢᠨ ᠠᠷᠠᠳ ᠤᠨ ᠰᠠᠨᠠᠯ ᠢ ᠦᠨᠳ᠋ᠦᠰᠦᠯᠡᠨ ᠵᠢᠩᠭᠢᠨᠢ ᠲᠦ᠋ᠯᠦᠭᠡᠯᠡᠭ᠍ᠴᠢ ᠪᠠᠷ ᠵᠢᠱᠢᠭ᠍ᠳ᠋ᠡᠭ᠍ᠰᠡᠳ ᠤᠨ ᠨᠡᠷᠡᠰ ᠢ ᠲᠤᠭᠳ᠋ᠠᠭᠠᠵᠤ᠂ ᠰᠤᠩᠭ᠋ᠤᠭᠤᠯᠢ ᠶᠠᠪᠤᠭᠤᠯᠬᠤ ᠡᠳ᠋ᠦᠷ ᠡᠴᠡ ᠡᠮᠦᠨ᠎ᠠ 7 ᠡᠳ᠋ᠦᠷ ᠲᠤ ᠨᠡᠢ᠌ᠳ᠋ᠡᠯᠡᠨᠠ᠃ ᠰᠤᠩᠭ᠋ᠤᠭᠤᠯᠢ ᠶᠢᠨ ᠬᠤᠭᠤᠴᠠᠭᠠᠨ ᠳᠤ᠂ ᠡᠯ᠎ᠠ ᠰᠤᠩᠭ᠋ᠤᠭᠤᠯᠢ ᠶᠢᠨ ᠲᠤᠭᠤᠷᠢᠭ ᠤᠨ ᠵᠢᠩᠭᠢᠨᠢ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠰᠡᠳ ᠤᠨ ᠲᠤᠭ᠎ᠠ ᠨᠢ ᠰᠤᠩᠭ᠋ᠤᠭᠤᠯᠢ ᠳᠤ ᠤᠷᠤᠯᠴᠠᠬᠤ ᠲᠦ᠋ᠯᠦᠭᠡᠯᠡᠭ᠍ᠴᠢ ᠶᠢᠨ ᠲᠤᠭᠠᠨ ᠤ ᠭᠤᠷᠪᠠᠨ ᠤ ᠨᠢᠭᠡ ᠡᠴᠡ ᠨᠢᠭᠡ ᠲᠠᠬᠢᠨ ᠢᠯᠡᠭᠦᠦ ᠪᠠᠢ᠌ᠵᠤ᠂ ᠰᠤᠩᠭ᠋ᠤᠭᠤᠯᠢ ᠨᠡᠢ᠌ᠳ᠋ᠡᠮ ᠨᠡᠷ᠎ᠠ ᠲᠡᠮᠳ᠋ᠡᠭᠯᠡᠬᠦ ᠦᠭᠡᠶ ᠪᠠᠷ ᠪᠢᠯᠸᠲ ᠦᠭᠬᠦ ᠠᠷᠭ᠎ᠠ ᠶᠢ ᠬᠡᠷᠡᠭ᠍ᠵᠢᠭᠦᠯᠦᠨᠠ᠃ ᠪᠢᠯᠸᠲ ᠦᠭᠬᠦ ᠳᠤ ᠤᠷᠤᠯᠴᠠᠭᠰᠠᠨ ᠬᠦᠮᠦᠨ ᠤ ᠲᠤᠭ᠎ᠠ ᠨᠢ ᠡᠷᠬᠡᠪᠰᠢ ᠪᠦᠬᠦ ᠰᠤᠩᠭ᠋ᠤᠭᠤᠯᠢ ᠶᠢᠨ ᠠᠷᠠᠳ ᠤᠨ ᠬᠠᠭᠠᠰ ᠲᠤᠭ᠎ᠠ ᠡᠴᠡ ᠲᠡᠭᠡᠭ᠍ᠰᠢ ᠪᠠᠢ᠌ᠵᠤ᠂ ᠵᠢᠩᠭᠢᠨᠢ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠴᠢ ᠡᠷᠬᠡᠪᠰᠢ ᠰᠤᠩᠭ᠋ᠤᠭᠤᠯᠢ ᠳᠤ ᠤᠷᠤᠯᠴᠠᠭᠰᠠᠨ ᠰᠤᠩᠭ᠋ᠤᠭᠤᠯᠢ ᠶᠢᠨ ᠠᠷᠠᠳ ᠤᠨ ᠬᠠᠭᠠᠰ ᠡᠴᠡ ᠲᠡᠭᠡᠭ᠍ᠰᠢ ᠲᠤᠭᠠᠨ ᠤ ᠰᠤᠩᠭ᠋ᠤᠭᠤᠯᠢ ᠶᠢᠨ ᠪᠢᠯᠸᠲ ᠢ ᠤᠯᠤᠭᠰᠠᠨ ᠪᠠᠢ᠌ᠪᠠᠯ ᠰᠠᠶᠢ ᠰᠤᠩᠭ᠋ᠤᠭᠳ᠋ᠠᠭᠰᠠᠨ ᠶᠢᠡᠷ ᠪᠤᠳ᠋ᠤᠨᠠ᠂ ᠰᠤᠩᠭ᠋ᠤᠭᠤᠯᠢ ᠶᠢᠨ ᠠᠷᠠᠳ ᠨᠢᠭᠡᠪᠦᠷᠢ ᠳᠤ ᠵᠦ᠋ᠪᠭᠡᠨ ᠨᠢᠭᠡ ᠤᠳ᠋ᠠᠭ᠎ᠠ ᠪᠢᠯᠸᠲ ᠦᠭᠬᠦ ᠡᠷᠭᠡ ᠲᠡᠶ᠂ ᠬᠦᠯᠢᠶᠡᠵᠦ ᠠᠪᠤᠭᠰᠠᠨ ᠨᠠᠢ᠌ᠳ᠋ᠠᠯᠭ᠎ᠠ ᠶᠢᠨ ᠪᠢᠯᠸᠲ ᠨᠢ 3 ᠬᠦᠮᠦᠨ ᠡᠴᠡ ᠬᠡᠳ᠋ᠦᠷᠡᠵᠦ ᠪᠤᠯᠬᠤ ᠦᠭᠡᠶ᠂ ᠲᠦ᠋ᠯᠦᠭᠡᠯᠡᠭ᠍ᠴᠢ ᠪᠠᠷ ᠵᠢᠱᠢᠭ᠍ᠳ᠋ᠡᠭ᠍ᠰᠡᠳ ᠨᠢ ᠪᠤᠰᠤᠳ ᠰᠤᠩᠭ᠋ᠤᠭᠤᠯᠢ ᠶᠢᠨ ᠠᠷᠠᠳ ᠤᠨ ᠨᠠᠢ᠌ᠳ᠋ᠠᠯᠭ᠎ᠠ ᠶᠢ ᠬᠦᠯᠢᠶᠡᠨ ᠠᠪᠴᠦ ᠪᠤᠯᠬᠤ ᠦᠭᠡᠶ᠃
ᠦᠷᠭᠡᠨ ᠤᠯᠠᠨ ᠰᠤᠩᠭ᠋ᠤᠭᠤᠯᠢ ᠶᠢᠨ ᠠᠷᠠᠳ ᠡ᠂ ᠰᠤᠩᠭ᠋ᠤᠭᠤᠯᠢ ᠶᠢᠨ ᠡᠷᠬᠡ ᠠᠰᠢᠭ ᠪᠤᠯ ᠦᠨᠳ᠋ᠦᠰᠦᠨ ᠬᠠᠦᠯᠢ ᠪᠠ ᠬᠠᠦᠯᠢ ᠴᠠᠭᠠᠵᠠ ᠡᠴᠡ ᠤᠯᠭᠤᠭᠰᠠᠨ ᠡᠷᠬᠡ ᠠᠰᠢᠭ ᠮᠦ᠋ᠷᠳ᠋ᠡᠭᠡᠨ ᠦᠨᠳ᠋ᠦᠰᠦᠨ ᠬᠠᠦᠯᠢ ᠪᠠ ᠬᠠᠦᠯᠢ ᠴᠠᠭᠠᠵᠠ ᠶᠢᠨ ᠬᠠᠮᠠᠭᠠᠯᠠᠯ ᠢ ᠬᠦᠷᠳ᠋ᠡᠨᠠ᠃ ᠰᠤᠩᠭ᠋ᠤᠭᠤᠯᠢ ᠶᠢᠨ ᠠᠷᠠᠳ ᠨᠢᠭᠡᠪᠦᠷᠢ ᠡᠷᠬᠡᠪᠰᠢ ᠤᠯᠤᠰ ᠤᠷᠤᠨ ᠪᠠ ᠠᠷᠠᠳ ᠲᠦ᠋ᠮᠡᠨ ᠳᠤ ᠬᠠᠷᠢᠭᠤᠴᠠᠬᠤ ᠤᠪᠤᠷ ᠶᠢᠡᠷ ᠦᠪᠡᠷ ᠤᠨ ᠠᠷᠠᠳᠴᠢᠯᠡᠯ ᠤᠨ ᠡᠷᠬᠡ ᠠᠰᠢᠭ ᠪᠠᠨ ᠨᠠᠷᠢᠨ ᠬᠢᠨᠠᠮᠠᠭᠠᠢ ᠬᠡᠷᠡᠭ᠍ᠵᠢᠭᠦᠯᠵᠦ᠂ ᠠᠷᠠᠳ ᠤᠨ ᠲᠦ᠋ᠯᠦᠭᠡᠯᠡᠭ᠍ᠴᠢ ᠶᠢ ᠰᠠᠢ᠌ᠳ᠋ᠤᠷ ᠰᠤᠩᠭ᠋ᠤᠬᠤ ᠬᠡᠷᠡᠭ᠍ᠳ᠋ᠠᠢ᠃
ᠵᠠᠷᠤᠳ ᠬᠤᠰᠢᠭᠤᠨ ᠤ ᠰᠤᠩᠭ᠋ᠤᠭᠤᠯᠢ ᠶᠢᠨ ᠵᠦ᠋ᠪᠯᠡᠯ
2021 ᠤᠨ ᠤ 9 ᠰᠠᠷ᠎ᠠ ᠶᠢᠨ 3 ᠤ ᠡᠳ᠋ᠦᠷ