ᠬᠤᠤᠯᠢᠩᠭ᠋ᠤᠤᠯ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠦᠨᠳ᠋ᠦᠰᠦᠳ᠋ᠡᠨ ᠤ ᠪᠦᠯᠭᠦᠮᠳ᠋ᠡᠯ ᠲᠠᠪᠰᠢᠯᠳ᠋ᠡ ᠶᠢᠨ ᠠᠵᠢᠯ ᠢ ᠰᠢᠨᠵᠢᠯᠡᠨ ᠪᠠᠢ᠌ᠴᠠᠭᠠᠪᠠ

9 ᠰᠠᠷ᠎ᠠ ᠶᠢᠨ 22 ᠤ ᠡᠳ᠋ᠦᠷ ᠤᠨ ᠦᠳ᠋ᠡ ᠶᠢᠨ ᠡᠮᠦᠨ᠎ᠠ᠂ ᠬᠤᠤᠯᠢᠩᠭ᠋ᠤᠤᠯ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠯᠢ ᠳ᠋ᠦ᠋ᠩ ᠡᠾᠦ᠋ᠢ ᠨᠡᠷ ᠮᠠᠨ ᠤ ᠬᠤᠰᠢᠭᠤᠨ ᠳᠤ ᠢᠷᠡᠵᠦ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠢ ᠰᠢᠨᠵᠢᠯᠡᠨ ᠪᠠᠢ᠌ᠴᠠᠭᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠼᠦ᠋ᠢ ᠯᠸᠢ ᠯᠸᠢ ᠪᠠᠷ᠎ᠠ ᠪᠤᠯᠵᠤ ᠪᠠᠢ᠌ᠴᠠᠭᠠᠪᠠ᠃

ᠯᠢ ᠳ᠋ᠦ᠋ᠩ ᠡᠾᠦ᠋ᠢ ᠨᠡᠷ ᠤᠷᠢᠳ ᠬᠤᠵᠢᠳ ᠡᠮᠦᠨ᠎ᠠ ᠪᠤᠯᠠᠭᠳ᠋ᠤ ᠮᠦ᠋ᠽᠸᠢ᠂ ᠵᠠᠷᠤᠳ ᠬᠤᠰᠢᠭᠤᠨ ᠤ ᠦᠯᠢᠭᠡᠷ ᠤᠨ ᠮᠦ᠋ᠽᠸᠢ᠂ ᠵᠠᠷᠤᠳ ᠬᠤᠰᠢᠭᠤᠨ ᠤ ᠪᠤᠳ᠋ᠠᠰ ᠤᠨ ᠪᠤᠰᠤ ᠰᠤᠶᠤᠯ ᠤᠨ ᠦᠪ ᠤᠨ ᠤᠷᠳ᠋ᠤᠨ᠂ ᠵᠠᠷᠤᠳ ᠬᠤᠰᠢᠭᠤᠨ ᠤ ᠬᠠᠳᠬᠤᠮᠠᠯ ᠤᠨ ᠤᠷᠳ᠋ᠤᠨ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠲᠤ ᠨᠢ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠤᠬᠤᠷ ᠹᠢᠯᠢᠮ ᠦᠵᠡᠬᠦ ᠵᠡᠷᠭᠡ ᠬᠡᠯᠪᠡᠷᠢ ᠪᠠᠷ ᠲᠠᠮᠵᠢᠨ ᠮᠠᠨ ᠤ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠡᠭᠦᠳ᠋ᠦᠨ ᠪᠠᠢ᠌ᠭᠤᠯᠤᠯᠳ᠋ᠠ᠂ ᠦᠨᠳ᠋ᠦᠰᠦᠳ᠋ᠡᠨ ᠤ ᠤᠨᠴᠠᠯᠢᠭᠳ᠋ᠤ ᠦᠵᠡᠭᠦᠯᠦᠯᠭᠡ ᠶᠢᠨ ᠤᠷᠳ᠋ᠤᠨ ᠤ ᠲᠦ᠋ᠯᠦᠪᠵᠢᠭᠦᠯᠭᠡ ᠶᠢᠨ ᠪᠦᠳ᠋ᠦᠭᠡᠨ ᠪᠠᠢ᠌ᠭᠤᠯᠤᠯᠳ᠋ᠠ ᠵᠡᠷᠭᠡ ᠲᠠᠯ᠎ᠠ ᠶᠢᠨ ᠠᠵᠢᠯ ᠤᠨ ᠲᠤᠷᠰᠢᠯᠭ᠎ᠠ ᠶᠢᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃

ᠯᠢ ᠳ᠋ᠦ᠋ᠩ ᠡᠾᠦ᠋ᠢ ᠮᠠᠨ ᠤ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ᠂《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》 ᠢ ᠲᠤᠭᠤᠰᠢᠯᠠᠭᠤᠯᠤᠨ ᠬᠡᠷᠡᠭ᠍ᠵᠢᠭᠦᠯᠦᠭ᠍ᠰᠡᠨ ᠪᠠᠢ᠌ᠳ᠋ᠠᠯ ᠪᠠ ᠤᠯᠤᠭᠰᠠᠨ ᠠᠮᠵᠢᠯᠳ᠋ᠡ ᠪᠦᠳ᠋ᠦᠮᠵᠢ ᠶᠢ ᠭᠦᠢᠴᠡᠳ ᠨᠤᠳ᠋ᠠᠯᠠᠵᠤ᠂ ᠮᠠᠨ ᠤ ᠬᠤᠰᠢᠭᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠤᠨ ᠭᠢᠯᠠᠰ ᠴᠡᠭ᠌ ᠲᠤᠪᠤᠢ᠌ᠮ᠎ᠠ ᠪᠠᠢ᠌ᠵᠤ᠂ ᠮᠠᠰᠢ ᠰᠠᠢ᠌ᠨ ᠰᠤᠷᠤᠯᠴᠠᠬᠤ ᠲᠤᠬᠢᠶᠠᠯ ᠬᠠᠩᠭ᠋ᠠᠭᠰᠠᠨ ᠪᠦᠭᠡᠳ ᠬᠤᠶᠠᠷ ᠭᠠᠵᠠᠷ ᠤᠨ ᠬᠢᠨ ᠬᠤᠢ᠌ᠰᠢᠳ᠋ᠡ ᠶᠢᠨ ᠠᠵᠢᠯ ᠤᠨ ᠲᠤᠮᠳ᠋ᠠ ᠪᠠᠨ ᠰᠤᠯᠢᠯᠴᠠᠭ᠎ᠠ ᠨᠡᠪᠳ᠋ᠡᠷᠡᠯᠴᠡᠭᠡ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠲᠠᠪᠠᠭᠤᠯᠢᠭ ᠶᠢᠡᠨ ᠬᠠᠷᠢᠯᠴᠡᠨ ᠨᠦ᠋ᠬᠦᠪᠦᠷᠢᠯᠡᠵᠦ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠠᠵᠢᠯ ᠤᠨ ᠰᠢᠨ᠎ᠠ ᠪᠠᠢ᠌ᠳ᠋ᠠᠯ ᠢ ᠬᠠᠮᠳ᠋ᠤᠪᠠᠷ ᠡᠭᠦᠳᠬᠦ ᠶᠢ ᠬᠦᠰᠡᠵᠦ ᠪᠠᠢ᠌ᠨ᠎ᠠ ᠭᠡᠵᠦ ᠢᠯᠡᠷᠬᠡᠢ᠌ᠯᠡᠪᠡ᠃ (ᠯᠸᠢ ᠫᠠᠩ)